ᠬᠥᠬᠡᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠲᠦᠷᠢᠶᠡᠰᠦᠨ ᠮᠠᠰᠢᠨ ᠤ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ
ᠨᠡᠶᠢᠲᠡᠯᠡᠭᠰᠡᠨ ᠴᠠᠭ᠄
2021/1/20

     ᠬᠥᠬᠡᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠷᠣᠨ ᠤ ᠲᠥᠪ ᠤᠨ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠶᠠᠨᠴᠢᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ ᠲᠦᠷᠦᠭᠦᠬᠡᠨ᠂ ᠬᠥᠬᠡᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠦᠨᠡᠮᠯᠡᠯ ᠥᠬᠡᠶ ᠪᠠᠷ ᠡᠵᠡᠩᠨᠡᠬᠦ᠂ ᠬᠠᠭᠤᠷᠮᠠᠭ ᠫᠠᠶᠢᠰᠠ ᠡᠯᠭᠦᠬᠦ᠂ ᠣᠨᠳᠣᠤ ᠭᠠᠵᠠᠷ ᠲᠤ ᠡᠵᠡᠩᠨᠡᠬᠦ᠂ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠥᠬᠡᠶ ᠪᠠᠷ ᠡᠵᠡᠩᠨᠡᠬᠦ ᠵᠡᠷᠭᠡ ᠲᠦᠷᠢᠶᠡᠰᠦᠨ ᠮᠠᠰᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠪᠡ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ᠂ ᠲᠡᠭᠡᠭᠡᠪᠦᠷᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 47 ᠬᠥᠮᠦᠨ ᠢ ᠬᠥᠳᠡᠯᠭᠡᠵᠦ᠂ ᠮᠠᠰᠢᠨ ᠲᠡᠷᠭᠡ ᠶᠢ 294 ᠲᠡᠷᠭᠡ ᠤᠳᠠᠭ᠎ᠠ ᠶᠢ ᠪᠠᠶᠢᠴᠠᠭᠠᠵᠤ᠂ 2 ︽ᠬᠠᠷ᠎ᠠ ᠲᠡᠷᠭᠡ︾᠂ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠥᠬᠡᠶ 6 ᠬᠥᠮᠦᠨ᠂ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢᠶᠠᠨ ᠳᠠᠩᠰᠠᠯᠠᠭᠤᠯᠤᠭᠰᠠᠨ ᠦᠭᠡᠢ 1 ᠬᠥᠮᠦᠨ᠂ ᠦᠶᠯᠡᠴᠢᠯᠡᠭᠡᠨ ᠤ ᠬᠢᠨᠠᠯᠲᠠ ᠲᠠᠯᠪᠢᠬᠤ ᠺᠠᠷᠲ ᠢᠶᠠᠨ ᠲᠠᠯᠪᠢᠭᠰᠠᠨ ᠦᠭᠡᠢ 1 ᠬᠥᠮᠥᠨ ᠪᠠ ᠲᠦᠷᠢᠶᠡᠰᠦᠨ ᠮᠠᠰᠢᠨ ᠤ ᠲᠦᠷᠢᠮ ᠠᠴᠠ ᠵᠥᠷᠢᠴᠡᠭᠰᠡᠨ ᠪᠤᠰᠤᠳ 4 ᠬᠥᠮᠦᠨ ᠢ ᠪᠠᠶᠢᠴᠠᠭᠠᠨ ᠰᠢᠶᠳᠪᠦᠷᠢᠯᠡᠪᠡ᠃
     2020 ᠣᠨ ᠤ ᠪᠥᠬᠦ ᠵᠢᠯ ᠳᠤ ᠬᠥᠬᠡᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠲᠦᠷᠢᠶᠡᠰᠦᠨ ᠮᠠᠰᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠡᠵᠡᠩᠨᠡᠯᠲᠡ ᠶᠢ ᠨᠡᠶᠢᠲᠡ 1384 ᠵᠢᠱᠢᠶ᠎ᠡ ᠪᠠᠶᠢᠴᠠᠭᠠᠨ ᠰᠢᠢᠳᠪᠦᠷᠢᠯᠡᠪᠡ᠃ ᠡᠭᠦᠨ ᠳᠤ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠥᠬᠡᠶ 343 ᠵᠢᠱᠢᠶ᠎ᠡ᠂ ᠰᠦᠯᠵᠢᠶᠡᠨ ᠳᠡᠭᠡᠷ᠎ᠡ ᠲᠡᠷᠭᠡ ᠪᠣᠯᠵᠣᠭᠰᠠᠨ 158 ᠵᠢᠱᠢᠶ᠎ᠡ᠂ ᠬᠠᠭᠤᠷᠮᠠᠭ ᠫᠠᠶᠢᠰᠠ ᠡᠯᠭᠦᠭᠰᠡᠨ 22 ᠵᠢᠱᠢᠶ᠎ᠡ᠂ ᠣᠨᠳᠣᠤ ᠭᠠᠵᠠᠷ ᠲᠤ ᠡᠵᠡᠩᠨᠡᠭᠰᠡᠨ 67 ᠵᠢᠱᠢᠶ᠎ᠡ᠂ ᠰᠠᠭᠤᠬᠤ ᠶᠢ ᠲᠡᠪᠴᠢᠭᠰᠡᠨ 44 ᠵᠢᠱᠢᠶ᠎ᠡ᠂ ᠦᠨ᠎ᠡ ᠪᠤᠳᠤᠬᠤ ᠮᠠᠰᠢᠨ ᠬᠡᠷᠡᠭᠯᠡᠭᠰᠡᠨ ᠥᠬᠡᠶ 137 ᠵᠢᠱᠢᠶ᠎ᠡ᠂ ᠡᠷᠡᠭᠦᠯ ᠬᠠᠮᠠᠭᠠᠯᠠᠯ ᠬᠢᠷᠢ ᠲᠡᠩᠴᠡᠭᠰᠡᠨ ᠥᠬᠡᠶ ᠵᠢᠴᠢ ᠪᠡᠯᠡᠳᠬᠡᠮᠵᠢ ᠲᠥᠬᠦᠭᠡᠷᠦᠮᠵᠢ ᠪᠦᠷᠢᠨ ᠪᠤᠰᠤ 99 ᠵᠢᠱᠢᠶ᠎ᠡ᠂ ᠲᠦᠷᠢᠮ ᠠᠴᠠ ᠵᠥᠷᠢᠴᠡᠭᠰᠡᠨ ᠪᠤᠰᠤᠳ 514 ᠵᠢᠱᠢᠶ᠎ᠡ ᠪᠠᠶᠢᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠤᠯᠢ ᠶᠣᠰᠣᠭᠠᠷ ᠰᠢᠶᠳᠬᠡᠪᠡ᠃ ᠬᠥᠬᠡᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠠᠷᠠᠳ ᠤᠨ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠲᠤᠯᠭᠠᠷᠠᠬᠤ ᠪᠤᠶᠤ ᠣᠯᠵᠤ ᠮᠡᠳᠡᠪᠡᠯ᠂ ᠢᠳᠡᠪᠬᠢᠲᠡᠶ ᠪᠠᠷ 12345 ᠪᠤᠶᠤ 12328 ᠰᠢᠭᠤᠳ ᠤᠲᠠᠰᠤ ᠪᠠᠷ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃

ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ