ᠦᠪᠡᠷᠲᠡᠭᠡᠨ ᠵᠠᠰᠠᠬᠤ ᠣᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠦᠷᠪᠡᠳᠦᠭᠡᠷ ᠬᠤᠷᠠᠯ ᠬᠤᠷᠠᠯᠳᠤᠪᠠ  ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠭᠡᠳ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠵᠠᠢ  ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠢ    1 ᠰᠠᠷ᠎ᠠ ᠶᠢᠨ 26᠎ ᠤ ᠡᠳᠦᠷ ᠬᠦᠬᠡᠬᠤᠳᠠ ᠳᠤ ᠬᠤᠷᠠᠯᠳᠤᠭᠤᠯᠬᠤ ᠪᠠᠷ ᠲᠤᠬᠳᠠᠪᠠ
ᠨᠡᠶᠢᠲᠡᠯᠡᠭᠰᠡᠨ ᠴᠠᠭ᠄
2021/1/21

     1 ᠰᠠᠷ᠎ᠠ ᠶᠢᠨ 20᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠲᠦᠷᠪᠡᠳᠦᠭᠡᠷ ᠬᠤᠷᠠᠯ ᠬᠦᠬᠡᠬᠤᠳᠠ ᠳᠤ ᠬᠤᠷᠠᠯᠳᠤᠪᠠ᠃


     ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤᠳᠤ 63 ᠬᠦᠮᠦᠨ ᠪᠣᠢ᠂ 52 ᠬᠦᠮᠦᠨ ᠨᠢ ᠲᠤᠰ ᠤᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃
     ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠤ ᠴᠢ ᠹᠠᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠸᠡᠭ ᠬᠤᠨᠭ᠌ ᠹᠠᠨ ᠬᠤᠷᠠᠯ ᠳᠤ ᠰᠤᠯᠠ ᠤᠷᠤᠯᠴᠠᠵᠠᠢ᠃



     ᠬᠤᠷᠠᠯ ᠤᠨ ᠵᠦᠪᠯᠡᠭᠦ ᠵᠦᠢᠯᠡᠰ ᠢ ᠪᠠᠳᠤᠯᠠᠬᠰᠠᠨ ᠤ ᠲᠠᠷᠠᠭ᠎ᠠ᠂ ᠬᠤᠷᠠᠯ ᠠᠴᠠ ᠯᠢᠶᠠᠨ ᠰᠤ᠋ ᠶᠢᠨ ᠬᠢᠭᠰᠡᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠭᠦᠯᠭᠦ ᠬᠦᠮᠦᠰ ᠤᠨ ᠪᠠᠶᠢᠳᠠᠯ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠴᠤ᠂ ᠵᠸᠡᠭ ᠬᠤᠨᠭ᠌ ᠹᠠᠨ᠂ ᠯᠢᠤ ᠴᠢ ᠹᠠᠨ ᠤ ᠬᠢᠭᠰᠡᠨ ᠲᠤᠰᠢᠶᠠᠯ ᠳᠤ ᠲᠤᠮᠢᠯᠠᠬᠤ ᠬᠦᠮᠦᠰ ᠤᠨ ᠪᠠᠶᠢᠳᠠᠯ ᠤᠨ ᠲᠤᠬᠠᠢ ᠲᠤᠳᠤᠷᠬᠠᠢᠢᠯᠠᠯᠳᠠ ᠶᠢ ᠲᠤᠰ ᠲᠤᠰ ᠰᠤᠨᠤᠰᠪᠠ᠃
     ᠬᠤᠷᠠᠯ ᠠᠴᠠ ᠪᠠᠰᠠ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠰᠦᠨ ᠸᠧᠢ ᠳ᠋ᠦᠩ ᠤᠨ ᠬᠢᠭᠰᠡᠨ ᠤᠨᠴᠠ ᠵᠠᠷᠢᠮ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠭᠢᠷᠢ ᠭᠡᠮ ᠤᠨ ᠲᠤᠬᠠᠢ ᠮᠡᠳᠡᠭᠦᠯᠦᠯᠳᠡ ︵ᠲᠦᠰᠦᠯ︶᠎ ᠶᠢ ᠰᠤᠨᠤᠰᠪᠠ᠃
     ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠤᠳᠡᠨ ᠤ ᠪᠦᠯᠭᠦᠮᠳᠠᠯ ᠲᠠᠪᠰᠢᠯᠳᠠ ᠶᠢ ᠠᠬᠢᠭᠤᠯᠬᠤ ᠲᠦᠷᠢᠮ ︵ᠲᠦᠰᠦᠯ︶︾᠎ ᠢ ᠬᠢᠨᠠᠨ ᠵᠦᠪᠯᠡᠭᠦᠯᠭᠦ ᠪᠠᠷ ᠲᠡᠪᠰᠢᠭᠦᠯᠭᠦ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠠᠨᠠᠯ ᠵᠦᠪᠯᠡᠯᠭᠡ ᠶᠢ ᠬᠢᠨᠠᠨ ᠵᠦᠪᠯᠡᠵᠦ ᠪᠠᠳᠤᠯᠠᠪᠠ᠃
     ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠭᠰᠡᠨ ᠪᠦᠭᠡᠳ ᠵᠠᠷᠴᠢᠮ ᠲᠡᠭᠡᠷ᠎ᠠ ᠪᠠᠨ ᠪᠠᠳᠤᠯᠠᠪᠠ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ 2021 ᠣᠨ ᠤ ᠠᠵᠢᠯ ᠤᠨ ᠭᠤᠤᠯᠳᠠᠯᠭ᠎ᠠ ᠶᠢ ᠬᠢᠨᠠᠨ ᠵᠦᠪᠯᠡᠵᠦ ᠪᠠᠳᠤᠯᠠᠪᠠ︔ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠵᠦᠪᠯᠡᠭᠦ ᠵᠦᠢᠯᠡᠰ ᠪᠠ ᠡᠳᠦᠷ ᠤᠨ ᠲᠠᠷᠠᠭᠠᠯᠠᠯ ᠢ ᠬᠢᠨᠠᠨ ᠵᠦᠪᠯᠡᠵᠦ ᠪᠠᠳᠤᠯᠠᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠢ 1 ᠰᠠᠷ᠎ᠠ ᠶᠢᠨ 26᠎ ᠤ ᠡᠳᠦᠷ ᠬᠦᠬᠡᠬᠤᠳᠠ ᠳᠤ ᠬᠤᠷᠠᠯᠳᠤᠭᠤᠯᠬᠤ ᠪᠠᠷ ᠲᠤᠬᠳᠠᠪᠠ︔
     ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠳᠤ ᠬᠢᠨᠠᠨ ᠵᠦᠪᠯᠡᠭᠦᠯᠭᠦ ᠪᠠᠷ ᠲᠡᠪᠰᠢᠭᠦᠯᠭᠦ ᠪᠠᠷ ᠪᠠᠶᠢᠭ᠎ᠠ ᠬᠠᠮᠢᠶ᠎ᠠ ᠪᠦᠭᠦᠢ ᠵᠦᠢᠯᠡᠰ ᠢ ᠬᠢᠨᠠᠨ ᠵᠦᠪᠯᠡᠵᠦ ᠪᠠᠳᠤᠯᠠᠪᠠ᠃
     ᠬᠤᠷᠠᠯ ᠠᠴᠠ ᠪᠠᠰᠠ ᠤᠨᠴᠠ ᠵᠠᠷᠢᠮ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠬᠢᠷᠢ ᠭᠡᠮ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠮᠡᠳᠡᠭᠦᠯᠦᠯᠳᠡ ᠶᠢ ᠬᠢᠨᠠᠨ ᠵᠦᠪᠯᠡᠵᠦ ᠪᠠᠳᠤᠯᠠᠪᠠ︔ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠤᠯᠠᠪᠠ᠃
     ᠱᠢ ᠲᠠᠢ ᠹᠸᠡᠭ ᠠᠴᠠ ᠬᠤᠸᠠᠩ ᠶᠠ ᠯᠢ᠂ ᠰᠤ᠋ ᠰᠢᠤ ᠴᠢᠤᠸᠠᠨ᠂ ᠡᠤ ᠶᠢᠩ᠂ ᠺᠠᠨᠭ᠌ ᠰᠢᠤᠸᠠᠢ ᠳ᠋ᠦᠩ ᠳᠤ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠪᠠ᠃



     ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠳ ᠦᠨᠳᠤᠰᠤᠨ ᠬᠠᠤᠯᠢ ᠳᠤ ᠲᠦᠪ ᠴᠢᠩᠭ᠎ᠠ ᠪᠠᠷ ᠲᠠᠩᠭᠠᠷᠢᠬᠯᠠᠪᠠ᠃
     ᠬᠤᠷᠠᠯ ᠠᠴᠠ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠤᠳᠡᠨ ᠤ ᠪᠦᠯᠭᠦᠮᠳᠠᠯ ᠲᠠᠪᠰᠢᠯᠳᠠ ᠶᠢ ᠠᠬᠢᠭᠤᠯᠬᠤ ᠲᠦᠷᠢᠮ︾᠎ ᠢ ᠲᠤᠬᠳᠠᠭᠠᠬᠤ ᠨᠢ᠂ ᠶᠡᠷᠦᠩᠭᠡᠢ ᠱᠦᠵᠢ ᠰᠢ ᠶᠢᠨ ᠫᠢᠡᠭ ᠤᠨ ᠦᠨᠳᠦᠰᠦᠳᠡᠨ ᠤ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠯᠭᠠᠮ ᠱᠠᠭᠠᠷᠳᠠᠯᠭ᠎ᠠ᠂ ᠮᠠᠨ ᠤ ᠤᠷᠤᠨ ᠤ ᠦᠨᠳᠦᠰᠦᠳᠡᠨ ᠤ ᠠᠵᠢᠯ ᠳᠤ ᠤᠷᠤᠰᠢᠵᠦ ᠪᠠᠶᠢᠬᠤ ᠵᠦᠷᠢᠶ᠎ᠠ ᠶᠢ ᠵᠠᠯᠠᠷᠠᠭᠤᠯᠵᠦ᠂ ᠦᠨᠳᠦᠰᠦᠳᠡᠨ ᠤ ᠠᠵᠢᠯ ᠢ ᠪᠦᠭᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠯᠭᠠᠮ ᠱᠠᠭᠠᠷᠳᠠᠯᠭ᠎ᠠ᠂ ᠦᠨᠳᠦᠰᠦᠳᠡᠨ ᠤ ᠣᠴᠢᠷ ᠶᠠᠪᠤᠳᠠᠯ ᠢ ᠬᠠᠤᠯᠢ ᠪᠠᠷ ᠵᠠᠰᠠᠬᠤ ᠲᠤᠯᠭᠠᠮ ᠱᠠᠭᠠᠷᠳᠠᠯᠭ᠎ᠠ ᠪᠤᠯᠤᠨ᠎ᠠ᠃ ᠪᠦᠷᠢᠯᠳᠦᠭᠦᠨ ᠨᠠᠷ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠬᠤᠭᠤᠴᠠᠭᠠᠨ ᠳᠤ ᠲᠦᠯᠦᠭᠡᠯᠡᠭᠴᠢᠳ ᠢ ᠵᠢᠯᠤᠭᠤᠳᠴᠤ ᠪᠠᠶᠢᠭᠠᠳ ᠤᠯᠠᠮ ᠨᠢᠭᠡ ᠠᠯᠬᠤᠮ ᠪᠠᠶᠢᠷᠢ ᠵᠤᠬᠰᠤᠯᠳᠠ ᠶᠢ ᠨᠢ ᠲᠡᠭᠡᠭᠰᠢᠯᠡᠭᠦᠯᠵᠦ᠂ ᠦᠵᠡᠯ ᠰᠠᠨᠠᠭ᠎ᠠ ᠶᠢ ᠨᠢ ᠨᠢᠭᠡᠳᠭᠡᠵᠦ᠂ ᠬᠠᠮᠳᠤ ᠶᠢᠨ ᠲᠠᠨᠢᠯᠳᠠ ᠶᠢ ᠨᠢᠬᠳᠠᠷᠠᠭᠤᠯᠵᠦ᠂ ᠲᠦᠷᠢᠮ ᠢ ᠬᠢᠨᠠᠨ ᠵᠦᠪᠯᠡᠵᠦ ᠪᠠᠳᠤᠯᠠᠬᠤ ᠠᠵᠢᠯ ᠢ ᠬᠠᠮᠳᠤ ᠪᠠᠷ ᠰᠠᠶᠢᠳᠤᠷ ᠭᠦᠢᠴᠡᠳᠭᠡᠭᠦ ᠬᠡᠷᠡᠭᠳᠡᠢ ᠭᠡᠵᠦ ᠵᠢᠭᠠᠵᠦ ᠭᠠᠷᠭᠠᠪᠠ᠃
     ᠬᠤᠷᠠᠯ ᠠᠴᠠ᠂ ᠦᠡᠭᠭᠡᠷᠡᠭᠰᠡᠨ ᠨᠢᠭᠡ ᠵᠢᠯ ᠳᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠢᠮᠠᠬᠳᠠ ᠤᠯᠤᠰ ᠲᠦᠷᠦ ᠶᠢ ᠡᠷᠭᠢᠮᠯᠡᠭᠦ ᠦᠨᠳᠤᠷᠴᠡ ᠠᠴᠠ ᠲᠦᠰᠦᠪᠯᠡᠨ ᠠᠬᠢᠭᠤᠯᠵᠦ᠂ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠷᠢᠭᠤᠴᠠᠯᠭ᠎ᠠ ᠡᠭᠦᠷᠭᠡᠯᠡᠨ ᠪᠤᠳᠠᠳᠠᠢ ᠠᠵᠢᠯᠯᠠᠵᠦ᠂ ᠡᠯ᠎ᠠ ᠲᠠᠯ᠎ᠠ ᠶᠢᠨ ᠠᠵᠢᠯ ᠴᠦᠮ ᠰᠢᠨ᠎ᠠ ᠠᠬᠢᠴᠠ ᠲᠠᠢ ᠪᠤᠯᠵᠦ ᠰᠢᠨ᠎ᠠ ᠦᠷ᠎ᠠ ᠪᠦᠲᠦᠮᠵᠢ ᠣᠯᠪᠠ᠃ ᠰᠢᠨ᠎ᠠ ᠴᠠᠭ ᠦᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠳᠤᠷ ᠬᠢᠭᠦ ᠳᠤ᠂ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ ᠪᠠ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠳᠠᠯᠨᠨ ᠲᠡᠭᠦᠯᠳᠡᠷᠵᠢᠭᠦᠯᠭᠦ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠰᠠᠶᠢᠳᠤᠷ ᠤᠢᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠲᠡᠭᠡᠷ᠎ᠠ ᠢᠯᠡᠭᠦᠭᠡᠨ ᠬᠦᠴᠤ ᠤᠷᠤᠭᠤᠯᠵᠦ᠂ ᠪᠤᠳᠠᠳᠠᠢ ᠦᠷ᠎ᠠ ᠪᠦᠲᠦᠮᠵᠢ ᠭᠠᠷᠭᠠᠬᠤ ᠬᠡᠷᠡᠭᠳᠡᠢ᠃ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ ᠶᠢᠨ ᠤᠭᠢ ᠱᠦᠯᠳᠤ ᠴᠢᠬᠤᠯᠠ ᠤᠳᠬ᠎ᠠ ᠶᠢ ᠬᠦᠨᠵᠡᠭᠡᠢ ᠤᠢᠢᠯᠠᠭᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠲᠠᠯᠪᠢᠨ ᠰᠡᠳᠭᠢᠵᠦ᠂ ᠲᠦᠰᠦᠪᠯᠡᠭᠦ ᠪᠠ ᠠᠬᠢᠭᠤᠯᠵᠦ᠂ ᠮᠠᠨ ᠤ ᠤᠷᠤᠨ ᠤ ︽ᠠᠷᠪᠠᠨ ᠲᠦᠷᠪᠡᠳᠦᠭᠡᠷ ᠲᠠᠪᠤᠨ ᠵᠢᠯ︾᠎ ᠤᠨ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠭᠦᠯᠭᠦ ᠪᠠ ᠤᠳᠤᠭᠢᠴᠢᠯᠠᠬᠰᠠᠨ ᠦᠪᠤᠷ ᠮᠤᠩᠭᠤᠯ ᠢ ᠪᠦᠲᠦᠭᠡᠨ ᠪᠠᠶᠢᠭᠤᠯᠬᠤ ᠳᠤ ᠬᠠᠤᠯᠢᠵᠢᠯ ᠤᠨ ᠬᠦᠴᠤᠳᠤ ᠪᠠᠳᠤᠯᠠᠭ᠎ᠠ ᠬᠠᠨᠭ᠍ᠭᠠᠬᠤ ᠬᠡᠷᠡᠭᠳᠡᠢ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠠᠷᠠᠳ ᠲᠦᠮᠡᠨ ᠡᠷᠭᠡ ᠮᠡᠳᠡᠵᠦ ᠡᠵᠡᠨ ᠰᠠᠭᠤᠬᠤ ᠪᠠ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠬᠦ ᠶᠢ ᠤᠷᠤᠨ ᠨᠤᠳᠤᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠭᠦ ᠶᠠᠪᠤᠴᠠ ᠪᠠ ᠡᠯ᠎ᠠ ᠲᠠᠯ᠎ᠠ ᠳᠤ ᠦᠨᠡᠨ ᠬᠦ ᠠᠭᠤᠰᠬᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢᠮᠠᠭᠳᠠ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠵᠦ᠂ ᠮᠠᠨ ᠤ ᠤᠷᠤᠨ ᠤ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠭᠢᠴᠢᠯᠠᠯᠳᠠ ᠶᠢ ᠲᠠᠰᠤᠷᠠᠯᠳᠠ ᠦᠭᠡᠢ ᠬᠠᠤᠯᠢᠵᠢᠯ ᠤᠨ ᠵᠠᠮ ᠢᠶᠠᠷ ᠠᠭᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
     ᠬᠤᠷᠠᠯ ᠠᠴᠠ᠂ ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠨ ᠨᠦᠭᠦᠳ ᠦᠨᠳᠤᠰᠤᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠭᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠠᠷᠠᠳ ᠤᠨ ᠲᠦᠯᠦᠭᠡ ᠰᠢᠷᠭᠠᠭᠤ ᠠᠵᠢᠯᠯᠠᠵᠦ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠨᠠᠮ ᠪᠠ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠤ ᠨᠠᠶᠢᠳᠠᠯᠭ᠎ᠠ ᠶᠢ ᠬᠦᠰᠡᠷᠳᠡᠭᠦᠯᠭᠦ ᠦᠭᠡᠢ ᠪᠠᠶᠢᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠰᠠᠶᠢᠳᠤᠷ ᠬᠢᠵᠦ᠂ ᠪᠦᠭᠦ ᠶᠠᠪᠤᠴᠠ ᠭᠤᠬᠴᠤᠭ᠎ᠠ ᠶᠢ ᠪᠢᠳᠡᠭᠦᠮᠵᠢᠯᠡᠨ ᠬᠠᠮᠢᠶᠠᠷᠬᠤ ᠶᠢ ᠪᠠᠷᠢᠮᠳᠠᠯᠠᠵᠦ᠂ ᠬᠦᠮᠦᠨ ᠪᠤᠯᠭᠠᠨ ᠤ ᠬᠠᠷᠢᠴᠠᠯᠠᠰᠢᠭᠦᠢ ᠠᠮᠤᠷ ᠲᠦᠪᠰᠢᠨ ᠢᠶᠠᠷ ᠶᠡᠭᠡ ᠬᠤᠷᠠᠯ ᠤᠨ ᠤᠷᠤᠬᠰᠢᠳᠠᠢ ᠶᠠᠪᠤᠬᠳᠠᠵᠦ᠂ ᠲᠡᠭᠦᠰ ᠠᠮᠵᠢᠯᠳᠠ ᠤᠯᠬᠤ ᠶᠢ ᠪᠠᠳᠤᠯᠠᠬᠤ ᠬᠡᠷᠡᠭᠳᠡᠢ ᠭᠡᠵᠦ ᠱᠠᠭᠠᠷᠳᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ