ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠴᠤᠭᠯᠠᠭᠤᠯᠵᠤ᠂ 72 ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠡᠷᠬᠢᠯᠡᠵᠦ᠂ 2358 ᠠᠵᠤ | ᠠᠬᠤᠶᠢᠯᠠᠯ ᠣᠷᠣᠯᠴᠠᠵᠤ᠂ 63946 ᠠᠵᠢᠯ ᠤᠨ ᠪᠠᠶᠢᠷᠢ ᠬᠠᠩᠭᠠᠵᠤ᠂ ᠲᠤᠬᠠᠶ ᠶᠢᠨ ᠲᠠᠯᠠᠪᠠᠶ ᠳᠤ 6616 ᠬᠥᠮᠦᠨ ᠠᠵᠢᠯ ᠤᠯᠬᠤ ᠰᠠᠨᠠᠮᠵᠢ ᠪᠠᠨ ᠲᠣᠭᠲᠠᠪᠠ︔ | 676 ᠬᠥᠮᠦᠨ ᠠᠵᠢᠯ ᠣᠯᠭᠤᠬᠤ ᠳᠠᠳᠤᠯᠭ᠎ᠠ ᠳᠤ ᠣᠷᠣᠯᠴᠠᠵᠤ᠂ ᠳᠠᠳᠤᠯᠭ᠎ᠠ ᠶᠢᠨ ᠬᠤᠭᠤᠴᠠᠭ᠎ᠠ ᠨᠢ ᠳᠠᠭᠤᠰᠤᠭᠠᠳ 332 ᠬᠥᠮᠦᠨ ᠭᠡᠷ᠎ᠡ ᠲᠣᠭᠲᠠᠪᠠ︔ ᠨᠡᠶᠢᠲᠡ | ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠨᠡᠭᠡᠭᠡᠵᠦ 1831 ᠬᠥᠮᠦᠨ ᠢ ᠲᠥᠪᠬᠢᠨᠡᠭᠦᠯᠵᠦ᠂ ᠨᠡᠶᠢᠲᠡ 1710.26 ᠲᠦᠮᠡᠨ ᠲᠥᠭᠦᠷᠢᠭ ᠤᠨ ᠨᠥᠬᠦᠪᠦᠷᠢ | ᠣᠯᠭᠤᠪᠠ᠃ ᠦᠶᠯᠡᠰ ᠴᠣᠭᠴᠠᠯᠠᠬᠤ ᠪᠠᠯᠠ ᠲᠣᠬᠢᠷᠠᠭᠤᠯᠭ᠎ᠠ ᠶᠢᠨ ᠳᠡᠮᠵᠢᠯᠭᠡ ᠶᠢ ᠨᠠᠶᠢᠳᠠᠪᠤᠷᠢᠵᠢᠭᠤᠯᠵᠤ᠂ 2020 ᠣᠨ ᠳᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠨᠡᠶᠢᠲᠡ 2980 ᠲᠦᠮᠡᠨ ᠲᠥᠭᠦᠷᠢᠭ ᠤᠨ ᠦᠶᠯᠡᠰ ᠴᠣᠭᠴᠠᠯᠠᠬᠤ ᠵᠢᠭᠡᠯᠡᠯᠭᠡ ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 2723 | ᠲᠦᠮᠡᠨ ᠲᠥᠭᠦᠷᠢᠭ ᠨᠡᠮᠡᠭᠳᠡᠪᠡ᠃ |