ᠣᠶᠢᠷ᠎ᠠ ᠳᠤ᠂ 2021 ᠣᠨ ᠤ ᠳᠤᠮᠳᠠᠳᠤ ᠤᠯᠤᠰ ᠤᠨ ᠠᠮᠢᠰᠬᠤᠯ ᠤᠨ ᠰᠢᠨᠵᠢᠯᠡᠭᠡᠨ ᠤ ᠬᠥᠭᠵᠢᠯᠲᠡ ᠶᠢᠨ ᠶᠡᠭᠡ ᠬᠤᠷᠠᠯ ︵ᠰᠦᠯᠵᠢᠶᠡᠨ ᠳᠡᠭᠡᠷ᠎ᠡ︶ | ᠲᠡᠭᠦᠰᠴᠦ᠂ ᠤᠯᠠᠭᠠᠨᠬᠠᠳᠠ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ︵ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ | ᠬᠤᠷᠢᠶ᠎ᠠ︶ ᠤᠯᠤᠰ ᠤᠨ ᠠᠮᠢᠰᠬᠤᠯ ᠤᠨ ᠪᠠ ᠬᠦᠨᠳᠦ ᠲᠦᠭᠰᠢᠭᠦᠷᠢᠲᠡᠶ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ᠶᠢᠨ ᠵᠢᠷᠤᠮᠵᠢᠭᠤᠯᠤᠭᠰᠠᠨ ᠪᠠᠶᠢᠭᠤᠯᠤᠯᠲᠠ | ︵PCCM︶ ᠶᠢᠨ ᠰᠦᠯᠵᠢᠶᠡᠨ ᠳᠡᠭᠡᠷᠡᠬᠢ ᠦᠨᠡᠯᠡᠯᠲᠡ ᠬᠢᠨᠠᠨ ᠲᠣᠭᠲᠠᠭᠠᠯᠲᠠ ᠳᠤ ᠪᠠᠲᠤᠯᠠᠭᠳᠠᠭᠠᠳ ᠲᠣᠰ ᠡᠮᠨᠡᠯᠭᠡ ᠶᠢᠨ ᠬᠤᠷᠢᠶᠠᠨ ᠤ ᠠᠮᠢᠰᠬᠤᠯ ᠤᠨ ᠰᠢᠨᠵᠢᠯᠡᠭᠡᠨ | ᠤ ᠰᠠᠯᠠᠭ᠎ᠠ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠡᠩᠨᠡᠭᠡᠨ ᠳᠤ ᠲᠣᠳᠣᠷᠠᠪᠠ᠃ | ᠣᠶᠢᠷ᠎ᠠ ᠶᠢᠨ ᠵᠢᠯ ᠤᠨ ᠲᠤᠷᠰᠢ᠂ ᠤᠯᠠᠭᠠᠨᠬᠠᠳᠠ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠠᠮᠢᠰᠬᠤᠯ ᠤᠨ ᠰᠢᠰᠲ᠋ᠧᠮ ᠤᠨ ᠡᠪᠡᠳᠴᠢᠨ ᠢ | ᠰᠡᠷᠭᠡᠶᠢᠯᠡᠨ ᠬᠤᠷᠢᠭᠯᠠᠬᠤ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠠᠯᠠ ᠮᠥᠩᠭᠦ | ᠶᠢᠨ ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠢᠰᠬᠤᠯ ᠤᠨ ᠰᠢᠰᠲ᠋ᠧᠮ ᠤᠨ ᠡᠪᠡᠳᠴᠢᠨ ᠢ ᠣᠨᠣᠰᠢᠯᠠᠨ ᠡᠮᠴᠢᠯᠡᠬᠦ ᠮᠡᠷᠭᠡᠵᠢᠯ ᠢ | ᠶᠡᠬᠡᠪᠡᠷ ᠳᠡᠭᠡᠭᠰᠢᠯᠡᠭᠦᠯᠦᠨ᠂ ᠡᠳᠦᠷ ᠢᠷᠡᠬᠦᠶ᠎ᠡ ᠬᠦᠨᠳᠦ ᠬᠡᠴᠡᠭᠦᠦ ᠪᠣᠯᠵᠣ ᠪᠠᠶᠢᠭ᠎ᠠ ᠠᠮᠢᠰᠬᠤᠯ ᠤᠨ ᠰᠢᠰᠲ᠋ᠧᠮ ᠤᠨ ᠡᠪᠡᠳᠴᠢᠨ ᠤ ᠡᠮᠴᠢᠯᠡᠭᠡᠨ ᠤ ᠬᠡᠷᠡᠭᠴᠡᠭᠡ ᠶᠢ | ᠲᠠᠰᠤᠷᠠᠯᠲᠠ ᠥᠬᠡᠶ ᠬᠠᠩᠭᠠᠵᠤ᠂ ᠠᠮᠢᠰᠬᠤᠯ᠂ ᠬᠦᠨᠳᠦ ᠡᠪᠡᠳᠴᠢᠨ ᠵᠢᠴᠢ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ ᠢ ᠣᠨᠣᠰᠢᠯᠠᠨ ᠡᠮᠴᠢᠯᠡᠬᠦ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ | ᠲᠣᠰ ᠡᠮᠨᠡᠯᠭᠡ ᠶᠢᠨ ᠬᠤᠷᠢᠶ᠎ᠠ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 30 ᠭᠠᠷᠤᠶ ᠤᠳᠠᠭᠠᠨ ᠤ ᠪᠣᠯᠪᠠᠰᠤᠷᠠᠭᠤᠯᠤᠯ ᠡᠷᠬᠢᠯᠡᠬᠦ ᠪᠠᠷ ᠳᠡᠮᠵᠢᠨ 20 | ᠭᠠᠷᠤᠶ ᠲᠦᠮᠡᠨ ᠬᠥᠮᠦᠨ ᠳᠤ ᠠᠰᠢᠭ ᠬᠦᠷᠲᠡᠭᠡᠵᠡᠢ᠃ ᠡᠨᠡ ᠤᠳᠠᠭ᠎ᠠ ᠤᠯᠤᠰ ᠤᠨ ᠲᠠᠰ ᠤᠨ ᠦᠨᠡᠯᠡᠯᠲᠡ ᠣᠯᠣᠭᠰᠠᠨ ᠠᠴᠠ ᠲᠣᠰ ᠡᠮᠨᠡᠯᠭᠡ ᠶᠢᠨ ᠬᠤᠷᠢᠶ᠎ᠠ ᠠᠮᠢᠰᠬᠤᠯ | ᠤᠨ ᠪᠠ ᠬᠦᠨᠳᠦ ᠲᠦᠭᠰᠢᠭᠦᠷᠢᠲᠡᠶ ᠡᠪᠡᠳᠴᠢᠨ ᠤ ᠰᠢᠨᠵᠢᠯᠡᠭᠡᠨ ᠤ ᠬᠥᠭᠵᠢᠯᠲᠡ ᠶᠢᠨ ᠴᠢᠭᠯᠡᠯ ᠢᠶᠠᠨ ᠨᠡᠩ ᠲᠣᠳᠣᠷᠬᠠᠶᠢᠯᠠᠪᠠ᠃ ᠲᠣᠰ ᠡᠮᠨᠡᠯᠭᠡ ᠶᠢᠨ ᠬᠤᠷᠢᠶᠠᠨ ᠤ | ᠬᠤᠯᠪᠣᠭᠳᠠᠯ ᠪᠥᠬᠦᠶ ᠰᠠᠯᠠᠭ᠎ᠠ ᠲᠠᠰᠤᠭ ᠡᠭᠦᠨ ᠢᠶᠠᠷ ᠠᠵᠠ ᠲᠣᠬᠢᠶᠠᠯ ᠪᠣᠯᠭᠠᠵᠤ᠂ ᠳᠤᠲᠠᠭᠳᠠᠯ ᠢᠶᠠᠨ ᠨᠥᠬᠦᠪᠥᠷᠢᠯᠡᠨ᠂ ᠠᠭᠤᠯᠤᠭᠳᠠᠬᠤᠨ ᠢᠶᠠᠨ ᠴᠢᠩᠭᠠᠳᠬᠠᠵᠤ᠂ | ᠠᠮᠢᠰᠬᠤᠯ ᠤᠨ ᠲᠤᠰᠬᠠᠶ ᠰᠠᠯᠠᠭᠠᠨ ᠤ ᠪᠠᠶᠢᠭᠤᠯᠤᠯᠲᠠ ᠪᠠ ᠡᠮᠨᠡᠯᠭᠡ ᠶᠢᠨ ᠬᠤᠷᠢᠶᠠᠨ ᠤ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ |