ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠦᠶᠯᠡᠳᠪᠦᠷᠢᠯᠡᠯ ᠤᠨ ᠭᠤᠭᠴᠣᠭᠠᠨ ᠳᠠᠬᠢ ᠭᠤᠤᠯᠳᠠᠯᠭ᠎ᠠ ᠲᠠᠢ ᠦᠶᠯᠡᠳᠬᠦᠨ ᠪᠠ ᠭᠤᠤᠯᠳᠠᠯᠭ᠎ᠠ ᠲᠠᠢ ᠠᠰᠠᠭᠤᠳᠠᠯ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2021/1/22

     ᠢᠳᠡᠭᠡᠨ ᠤ ᠵᠦᠶᠯ ᠤᠨ ᠦᠶᠯᠡᠳᠪᠦᠷᠢᠯᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠵᠦᠶᠯ ᠤᠨ ᠦᠶᠯᠡᠳᠪᠦᠷᠢᠯᠡᠯ ᠤᠨ ᠠᠵᠢᠯᠯᠠᠭ᠎ᠠ ᠶᠢ ᠵᠢᠷᠤᠮᠵᠢᠭᠤᠯᠤᠨ᠂ ᠢᠳᠡᠭᠡᠨ ᠤ ᠵᠦᠶᠯ ᠤᠨ ᠦᠶᠯᠡᠳᠪᠦᠷᠢᠯᠡᠯ ᠤᠨ ᠭᠤᠭᠴᠣᠭᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠰᠠᠭᠤᠳᠠᠯ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠨ᠂ ᠵᠠᠬ᠎ᠠ ᠳᠡᠯᠭᠡᠭᠦᠷ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠮᠠᠨ ᠤ ᠣᠷᠣᠨ ᠤ ᠢᠳᠡᠭᠡᠨ ᠤ ᠵᠦᠶᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 2021 ᠣᠨ ᠳᠤ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠤᠤᠯᠳᠠᠯᠭ᠎ᠠ ᠲᠠᠢ ᠦᠶᠯᠡᠳᠬᠦᠨ ᠤ ᠠᠵᠢᠯ ᠲᠥᠷᠥᠯ ᠳᠤ ᠴᠢᠭᠯᠡᠭᠦᠯᠦᠨ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠬᠦ ᠪᠠᠷ ᠪᠠᠶᠢᠨ᠎ᠠ᠃ 2021 ᠣᠨ ᠤ 2 ᠳ᠋ᠤᠭᠠᠷ ᠰᠠᠷ᠎ᠠ ᠶᠢᠨ 1᠎ ᠤ ᠡᠳᠦᠷ ᠠᠴᠠ 11 ᠳ᠋ᠦ᠋ᠭᠡᠷ ᠰᠠᠷ᠎ᠠ ᠶᠢᠨ 20᠎ ᠤ ᠡᠳᠦᠷ ᠬᠦᠷᠲᠡᠯ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠠᠭᠠᠨ ᠢᠳᠡᠭᠡᠨ᠂ ᠮᠢᠬᠠᠨ ᠤ ᠪᠦᠲᠦᠭᠡᠭᠳᠡᠬᠦᠨ᠂ ᠬᠠᠷ᠎ᠠ ᠠᠷᠢᠬᠢ᠂ ᠢᠳᠡᠭᠡᠨ ᠤ ᠤᠷᠭᠤᠮᠠᠯ ᠤᠨ ᠲᠣᠰᠣ᠂ ᠠᠮᠲᠠ ᠣᠷᠣᠭᠤᠯᠬᠤ ᠡᠳ᠋᠂ ᠬᠠᠲᠠᠭᠤ ᠪᠡᠶᠡᠲᠦ ᠤᠮᠳᠠᠭᠠᠨ᠂ ᠪᠠᠯ᠂ ᠴᠠᠷᠳᠠᠭᠤᠯ ᠤᠨ ᠪᠦᠲᠦᠭᠡᠭᠳᠡᠬᠦᠨ ᠵᠡᠷᠭᠡ ᠠᠵᠢᠯ ᠲᠥᠷᠥᠯ ᠳᠤ ᠭᠤᠷᠪᠠᠨ ᠱᠠᠲᠤ ᠬᠤᠪᠢᠶᠠᠨ ᠲᠤᠰᠬᠠᠶ ᠵᠠᠰᠠᠯᠲᠠ ᠥᠷᠨᠢᠭᠦᠯᠵᠦ᠂ ᠢᠳᠡᠭᠡᠨ ᠤ ᠪᠤᠰᠤ ᠪᠣᠳᠠᠰ ᠢ ᠨᠡᠮᠡᠬᠦ᠂ ᠬᠠᠤᠯᠢ ᠪᠤᠰᠤ ᠲᠦᠭᠦᠬᠡᠶ ᠮᠠᠲ᠋ᠧᠷᠢᠶᠠᠯ᠂ ᠲᠤᠰᠠᠯᠠᠬᠤ ᠮᠠᠲ᠋ᠧᠷᠢᠶᠠᠯ ᠢ ᠬᠡᠷᠡᠭᠯᠡᠬᠦ᠂ ᠢᠳᠡᠭᠡᠨ ᠤ ᠨᠡᠮᠡᠯᠲᠡ ᠡᠳ᠋ ᠢ ᠳᠤᠷ᠎ᠠ ᠪᠠᠷ ᠬᠡᠷᠡᠭᠯᠡᠬᠦ᠂ ᠬᠤᠳᠠᠯ ᠬᠠᠭᠤᠷᠮᠠᠭ ᠴᠢᠨᠠᠷ ᠮᠠᠭᠤ ᠦᠶᠯᠡᠳᠬᠦᠨ᠂ ︽ᠰᠦᠯᠢᠶᠣᠣ ᠡᠳ᠋︾᠂ ᠮᠢᠺᠷᠣᠪ ᠤᠨ ᠪᠠᠷᠢᠮᠵᠢᠶ᠎ᠠ ᠠᠴᠠ ᠬᠡᠲᠦᠷᠡᠬᠦ᠂ ᠱᠣᠰᠢᠭ᠎ᠠ ᠲᠡᠮᠳᠡᠭ ᠨᠢ ᠵᠢᠷᠤᠮᠵᠢᠯ ᠥᠬᠡᠶ ᠪᠠᠶᠢᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠰᠢᠶᠳᠪᠦᠷᠢᠯᠡᠨ᠎ᠡ᠃

ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ