ᠦᠪᠡᠷᠲᠡᠭᠡᠨ ᠵᠠᠰᠠᠬᠤ ᠤᠷᠤᠨ ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠧᠯᠸᠢᠰ ᠤᠳᠠᠰᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/22

      1 ᠰᠠᠷ᠎ᠠ ᠶᠢᠨ 9᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠧᠯᠸᠢᠰ ᠤᠳᠠᠰᠤ ᠬᠤᠷᠠᠯ ᠬᠤᠷᠠᠯᠳᠤᠭᠤᠯᠵᠦ᠂ ᠤᠯᠤᠰ ᠤᠨ ᠳᠤᠳᠤᠭᠠᠳᠦ ᠶᠢᠨ ᠬᠢᠵᠢᠭ ᠤᠨ ᠪᠠᠶᠢᠳᠠᠯ ᠦᠨᠳᠦᠷ ᠳᠤᠮᠳᠠ ᠠᠶᠦᠯ ᠲᠦᠭᠰᠢᠬᠦᠷᠢ ᠲᠠᠢ ᠤᠷᠤᠨ ᠠᠴᠠ ᠮᠠᠨ ᠤ ᠤᠷᠤᠨ ᠳᠤ ᠢᠷᠡᠬᠦ ᠬᠤᠯᠪᠤᠭᠳᠠᠯ ᠪᠦᠬᠦᠢ ᠬᠦᠮᠦᠰ ᠢ ᠵᠢᠬᠰᠠᠭᠠᠨ ᠪᠠᠶᠢᠴᠠᠭᠠᠵᠦ ᠬᠠᠮᠢᠶᠠᠷᠤᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠭᠡᠢ ᠵᠢᠯᠤᠭᠤᠳᠤᠬᠴᠢ ᠵᠠᠩ ᠱᠤᠤ ᠴᠦᠨ ᠬᠤᠷᠠᠯ ᠢ ᠡᠷᠬᠢᠯᠡᠨ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠭᠡᠢ ᠵᠢᠯᠤᠭᠤᠳᠤᠬᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃
      ᠬᠤᠷᠠᠯ ᠠᠴᠠ᠂ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠠᠨᠳᠤᠰᠢ ᠬᠦᠨᠳᠦ ᠭᠡᠴᠡᠬᠦᠦ ᠨᠠᠷᠢᠨ ᠪᠤᠳᠤᠯᠢᠶᠠᠨᠳᠠᠢ ᠪᠠᠶᠢᠨ᠎ᠠ᠂ ᠡᠯ᠎ᠠ ᠭᠠᠵᠠᠷ᠂ ᠡᠯ᠎ᠠ ᠠᠵᠢᠯᠯᠠᠬᠤ ᠲᠤᠭᠤᠢᠢᠯᠠᠩ᠂ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠢᠮᠠᠬᠳᠠ ᠴᠢᠩᠭᠠᠯᠠᠬᠤ ᠭᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠬᠦᠮᠦᠨ ᠬᠠᠷ᠎ᠠ᠂ ᠡᠳ᠋ ᠪᠠᠷᠠᠭ᠎ᠠ᠂ ᠤᠷᠴᠢᠨ ᠲᠤᠭᠤᠷᠢᠨ ᠵᠡᠷᠭᠡ ᠡᠯ᠎ᠠ ᠲᠠᠯ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠪᠤᠳᠠᠳᠠᠢ ᠨᠠᠶᠢᠳᠠᠪᠤᠷᠢᠵᠢᠭᠤᠯᠬᠤ ᠭᠡᠷᠡᠭᠲᠡᠢ᠃ ᠦᠨᠳᠦᠷ ᠳᠤᠮᠳᠠ ᠠᠶᠦᠯ ᠲᠦᠭᠰᠢᠬᠦᠷᠢ ᠲᠠᠢ ᠭᠠᠵᠠᠷ ᠤᠷᠤᠨ ᠠᠴᠠ ᠮᠠᠨ ᠤ ᠤᠷᠤᠨ ᠳᠤ ᠢᠷᠡᠬᠦ ᠬᠦᠮᠦᠰ ᠢ ᠮᠦᠷᠳᠡᠨ ᠵᠢᠬᠰᠠᠭᠠᠨ ᠪᠠᠶᠢᠴᠠᠭᠠᠬᠤ᠂ ᠰᠢᠯᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠦ᠂ ᠠᠵᠢᠯ ᠤᠨ ᠤᠯᠤᠯᠴᠠᠭ᠎ᠠ ᠪᠠᠨ ᠴᠢᠩᠭᠠᠳᠬᠠᠨ᠂ ᠪᠤᠭᠤᠮᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠠᠶᠢᠳᠤᠷ ᠬᠢᠵᠦ᠂ ᠭᠠᠳᠠᠭᠠᠳᠦ ᠠᠴᠠ ᠤᠷᠤᠭᠤᠯᠤᠭᠰᠠᠨ ᠡᠳ᠋ ᠪᠤᠳᠠᠰ ᠤᠨ ᠬᠢᠵᠢᠭ ᠢ ᠪᠠᠶᠢᠴᠠᠭᠠᠬᠤ ᠰᠢᠯᠭᠠᠨ ᠪᠠᠶᠢᠴᠠᠭᠠᠬᠤ ᠠᠵᠢᠯ ᠢ ᠡᠷᠴᠢᠮᠵᠢᠬᠦᠯᠦᠨ᠂ ᠮᠡᠳᠡᠬᠦᠯᠬᠦ ᠲᠦᠷᠢᠮ ᠢ ᠲᠦᠪ ᠴᠢᠩᠭ᠎ᠠ ᠨᠠᠶᠢᠳᠠᠪᠤᠷᠢᠵᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠡᠯ᠎ᠠ ᠭᠠᠵᠠᠷ᠂ ᠡᠯ᠎ᠠ ᠠᠵᠢᠯᠯᠠᠬᠤ ᠲᠤᠭᠤᠢᠢᠯᠠᠩ᠂ ᠡᠯ᠎ᠠ ᠰᠠᠯᠠᠭ᠎ᠠ ᠮᠦᠴᠢᠷ ᠤᠨ ᠬᠢᠨ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠪᠤᠳᠠᠳᠠᠶᠢᠵᠢᠭᠤᠯᠵᠦ᠂ ᠡᠯ᠎ᠠ ᠲᠦᠷᠦᠯ ᠤᠨ ᠲᠦᠰᠦᠯ ᠢᠶᠠᠨ ᠳᠡᠬᠦᠯᠳᠡᠷᠵᠢᠬᠦᠯᠦᠨ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠦ᠂ ᠬᠢᠵᠢᠭ ᠤᠨ ᠪᠠᠶᠢᠳᠠᠯ ᠲᠠᠬᠢᠨ ᠡᠬᠦᠰᠴᠦ ᠳᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠭᠡᠷᠡᠭᠳᠡᠢ ᠭᠡᠵᠦ ᠱᠠᠭᠠᠷᠳᠠᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ