1 ᠰᠠᠷ᠎ᠠ ᠶᠢᠨ 21 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠦᠳᠡᠭᠡ ᠳᠤᠰᠬᠤᠨ ᠮᠠᠯᠵᠢᠬᠤ ᠤᠷᠤᠨ ᠤ ᠠᠵᠢᠯ ᠤᠨ ᠬᠤᠷᠠᠯ | ᠬᠦᠬᠡᠬᠤᠳᠠ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠪᠤᠯᠤᠨ ᠳᠦᠪ ᠤᠨ | ᠠᠵᠥ ᠠᠬᠤᠢ ᠶᠢᠨ ᠠᠵᠢᠯ ᠤᠨ ᠬᠤᠷᠠᠯ᠂ ᠳᠦᠪ ᠤᠨ ᠬᠦᠳᠡᠭᠡ ᠳᠤᠰᠬᠤᠨ ᠤ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ | ᠰᠢᠨ᠎ᠡ ᠬᠦᠭᠵᠢᠯᠳᠡ ᠶᠢᠨ ᠱᠠᠳᠤᠨ ᠳᠠᠬᠢ ᠮᠠᠨ ᠤ ᠤᠷᠤᠨ ᠤ ︽ᠮᠠᠯ ᠠᠵᠥ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠮᠠᠯᠴᠢᠨ ᠳᠠᠷᠢᠶᠠᠴᠢᠨ︾ ᠤ ᠠᠵᠢᠯ ᠢ | ᠰᠤᠳᠤᠯᠤᠨ ᠪᠠᠶᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠤᠷᠤᠯᠴᠠᠬᠰᠠᠨ ᠪᠦᠬᠡᠳ ᠶᠠᠷᠢᠶ᠎ᠠ ᠳᠠᠯᠪᠢᠵᠠᠢ᠃ | | | | | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠬᠤᠷᠠᠯ ᠢ | ᠡᠷᠬᠢᠯᠡᠵᠥ᠂ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠯᠢ ᠰᠢᠦ ᠯᠢᠩ᠂ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠬ ᠤᠨ ᠤᠷᠳᠤᠨ ᠤ ᠬᠠᠮᠢᠶ᠎ᠠ ᠪᠦᠬᠦᠢ ᠤᠳᠤᠷᠢᠳᠬᠤ ᠨᠦᠬᠦᠳ | ᠬᠤᠷᠠᠯ ᠳᠤ ᠤᠷᠤᠯᠴᠠᠪᠠ᠃ | ᠱᠢ ᠲᠠᠢ ᠹᠧᠩ᠂ ᠶᠡᠷᠦᠩᠬᠡᠢ ᠱᠦᠵᠢ ᠰᠢ ᠶᠢᠨ ᠫᠢᠩ ᠤᠨ ᠳᠦᠪ ᠤᠨ ᠬᠦᠳᠡᠭᠡ ᠳᠤᠰᠬᠤᠨ ᠤ ᠠᠵᠢᠯ ᠤᠨ ᠬᠤᠷᠠᠯ ᠳᠡᠬᠡᠷᠡᠬᠢ ᠴᠢᠬᠤᠯᠠ ᠶᠠᠷᠢᠶ᠎ᠠ ᠨᠢ ᠰᠢᠨ᠎ᠡ | ᠬᠦᠭᠵᠢᠯᠳᠡ ᠶᠢᠨ ᠱᠠᠳᠤᠨ ᠳᠠᠬᠢ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾ ᠤ ᠠᠵᠢᠯ ᠤᠨ ᠠᠯᠢ ᠤᠯᠠᠨ ᠴᠢᠬᠤᠯᠠ ᠶᠡᠭᠡ ᠤᠨᠤᠯ ᠤᠨ ᠪᠠ | ᠦᠢᠯᠡᠳᠦᠯᠬᠡ ᠶᠢᠨ ᠠᠰᠠᠭᠤᠳᠠᠯ ᠢ ᠬᠦᠨᠵᠡᠬᠡᠢ ᠳᠠᠶᠢᠯᠪᠤᠷᠢᠯᠠᠵᠥ᠂ ᠪᠢᠳᠡᠨ ᠤ ᠠᠵᠢᠯ ᠢᠶᠠᠨ ᠰᠠᠶᠢᠳᠤᠷ ᠬᠢᠬᠦ ᠳᠤ ᠤᠷᠤᠬᠰᠢᠯᠠᠯᠳᠠ ᠶᠢᠨ ᠴᠢᠭᠯᠡᠯ ᠢ ᠳᠤᠳᠤᠷᠬᠠᠢ ᠵᠢᠭᠠᠵᠥ | ᠦᠭᠴᠤ᠂ ᠦᠨᠳᠦᠰᠦᠨ ᠵᠢᠷᠤᠮᠵᠢᠯ ᠬᠠᠩᠭᠠᠪᠠ᠃ ᠡᠯ᠎ᠡ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠦᠢᠯᠠᠭᠠᠵᠥ᠂ ᠤᠨᠤᠪᠴᠢᠳᠠᠢ ᠦᠢᠯᠠᠭᠠᠨ ᠡᠵᠡᠮᠳᠡᠵᠥ᠂ ᠪᠦᠬᠦ ᠳᠠᠯ᠎ᠠ ᠪᠠᠷ ᠳᠤᠭᠤᠰᠢᠯᠠᠭᠤᠯᠤᠨ | ᠨᠠᠶᠢᠳᠠᠪᠤᠷᠢᠵᠢᠭᠤᠯᠵᠥ᠂ ︽ᠬᠤᠶᠠᠷ ᠶᠡᠭᠡ ᠳᠠᠯ᠎ᠠ︾ ᠶᠢᠨ ᠦᠨᠳᠦᠷᠴᠡ ᠠᠴᠠ ᠰᠢᠨ᠎ᠡ ᠬᠦᠭᠵᠢᠯᠳᠡ ᠶᠢᠨ ᠱᠠᠳᠤᠨ ᠳᠠᠬᠢ ︽ᠮᠠᠯ ᠠᠵᠥ ᠠᠬᠤᠢ ᠳᠠᠷᠢᠶᠠᠯᠠᠩ ᠮᠠᠯᠵᠢᠬᠤ | ᠳᠠᠷᠢᠶᠠᠯᠠᠬᠤ ᠤᠷᠤᠨ ᠮᠠᠯᠴᠢᠨ ᠳᠠᠷᠢᠶᠠᠴᠢᠨ︾ ᠤ ᠠᠵᠢᠯ ᠢ ᠰᠠᠶᠢᠳᠤᠷ ᠬᠢᠬᠦ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠨᠵᠡᠬᠡᠢ ᠳᠠᠨᠢᠵᠥ᠂ ᠬᠠᠷᠢᠭᠤᠴᠠᠯᠭᠠᠳᠤ | ᠰᠡᠳᠬᠢᠯᠬᠡ ᠡᠬᠦᠷᠬᠡᠳᠤ ᠪᠤᠳᠤᠯ ᠳᠤᠯᠭᠠᠮ ᠰᠡᠳᠬᠢᠯᠬᠡ ᠪᠠᠨ ᠦᠨᠡᠨ ᠬᠦ ᠴᠢᠩᠭᠠᠳᠬᠠᠵᠥ᠂ ᠰᠡᠳᠬᠢᠯ ᠨᠢᠭᠡᠳᠦᠨ ᠬᠦᠴᠦ ᠪᠠᠨ ᠳᠦᠪᠯᠡᠷᠡᠬᠦᠯᠵᠥ ᠪᠠᠶᠢᠭᠠᠳ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ ᠢᠶᠠᠨ ᠪᠠᠬᠢᠵᠢᠬᠦᠯᠦᠨ ᠦᠷᠬᠡᠳᠬᠡᠵᠥ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ | ᠳᠠᠯ᠎ᠠ ᠪᠠᠷ ᠠᠬᠢᠭᠤᠯᠤᠨ᠂ ᠳᠠᠷᠢᠶᠠᠯᠠᠩ ᠮᠠᠯ ᠠᠵᠥ ᠠᠬᠤᠢ ᠪᠤᠯᠤᠨ ᠬᠦᠳᠡᠭᠡ ᠳᠤᠰᠬᠤᠨ ᠮᠠᠯᠵᠢᠬᠤ ᠤᠷᠤᠨ ᠤ ᠤᠳᠤᠬᠢᠴᠢᠯᠠᠯᠳᠠ ᠶᠢ ᠳᠦᠷᠬᠡᠳᠬᠡᠵᠥ᠂ ᠰᠢᠨ᠎ᠡ | ᠠᠶᠠᠯᠠᠯ ᠳᠠᠭᠠᠨ ᠦᠪᠦᠷ ᠮᠤᠩᠭᠤᠯ ᠤᠨ ︽ᠮᠠᠯ ᠠᠵᠥ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠮᠠᠯᠴᠢᠨ ᠳᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ | ᠴᠢᠷᠮᠠᠶᠢᠨ ᠡᠬᠦᠳᠬᠦ ᠬᠡᠷᠡᠭᠳᠡᠢ ᠬᠡᠵᠥ ᠵᠢᠭᠠᠵᠥ ᠭᠠᠷᠭᠠᠪᠠ᠃ | ᠱᠢ ᠲᠠᠢ ᠹᠧᠩ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ ᠢᠶᠠᠨ ᠪᠠᠬᠢᠵᠢᠬᠦᠯᠦᠨ ᠦᠷᠬᠡᠳᠬᠡᠬᠦ ᠶᠢ ᠬᠦᠳᠡᠭᠡ | ᠳᠤᠰᠬᠤᠨ ᠢ ᠬᠦᠭᠵᠢᠬᠦᠯᠦᠨ ᠮᠠᠨᠳᠤᠭᠤᠯᠬᠤ ᠲᠠᠢ ᠪᠦᠳᠦᠮᠵᠢᠳᠡᠢ ᠵᠤᠯᠭᠠᠭᠤᠯᠬᠤ ᠶᠢ ᠯᠠᠪᠳᠠᠭᠤᠨ ᠪᠠᠳᠤᠳᠠᠢ ᠰᠠᠶᠢᠳᠤᠷ ᠬᠢᠵᠥ᠂ ᠠᠵᠢᠯ᠂ ᠳᠦᠷᠦ ᠶᠢᠨ ᠪᠤᠳᠤᠯᠭ᠎ᠠ᠂ | ᠪᠠᠶᠢᠭᠤᠯᠤᠮᠵᠢ ᠡᠩᠨᠡᠭᠡ ᠶᠢ ᠵᠤᠯᠭᠠᠭᠤᠯᠬᠤ ᠶᠢ ᠠᠬᠢᠭᠤᠯᠤᠨ᠂ ᠳᠦᠷᠦ ᠶᠢᠨ ᠪᠤᠳᠤᠯᠭ᠎ᠠ ᠶᠢᠨ ᠦᠷᠬᠦᠯᠵᠢᠯᠡᠬᠦ ᠴᠢᠨᠠᠷ ᠪᠤᠯᠤᠨ ᠶᠠᠳᠠᠭᠤ ᠠᠴᠠ ᠠᠩᠬᠢᠵᠢᠷᠠᠭᠤᠯᠬᠤ ᠶᠢᠨ | ᠳᠤᠬᠳᠠᠭᠤᠨ ᠴᠢᠨᠠᠷ ᠢ ᠴᠢᠩᠭᠠᠳᠬᠠᠵᠥ᠂ ᠡᠬᠢ ᠪᠠᠶᠠᠯᠢᠭ ᠢ ᠳᠦᠪᠯᠡᠷᠡᠬᠦᠯᠦᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠳᠡᠮᠵᠢᠵᠥ ᠪᠠᠶᠢᠬᠰᠠᠨ ᠠᠴᠠ | ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠬᠤ ᠳᠡᠶᠢᠰᠢ ᠳᠤᠬᠳᠠᠭᠤᠨ ᠢᠶᠠᠷ ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠬᠦᠯᠤᠨ᠂ | ᠠᠵᠢᠯ ᠤᠯᠭᠤᠯᠳᠠ ᠶᠢ ᠳᠤᠬᠳᠠᠪᠤᠷᠢᠵᠢᠭᠤᠯᠬᠤ᠂ ᠠᠵᠥ ᠦᠢᠯᠡᠰ ᠢ ᠬᠦᠴᠦᠷᠬᠡᠭᠵᠢᠬᠦᠯᠬᠦ ᠵᠡᠷᠬᠡ ᠡᠯ᠎ᠡ ᠵᠦᠢᠯ ᠤᠨ ᠠᠵᠢᠯ ᠢ ᠬᠦᠨᠵᠡᠬᠡᠢ ᠰᠠᠶᠢᠳᠤᠷ ᠠᠳᠬᠤᠵᠥ᠂ | ᠶᠠᠳᠠᠭᠤ ᠠᠴᠠ ᠠᠩᠬᠢᠵᠢᠷᠠᠬᠰᠠᠨ ᠭᠠᠵᠠᠷ ᠤᠷᠤᠨ ᠤ ᠬᠦᠭᠵᠢᠯᠳᠡ ᠪᠤᠯᠤᠨ ᠤᠯᠠᠨ ᠳᠦᠮᠡᠨ ᠤ ᠠᠮᠢᠳᠤᠷᠠᠯ ᠤᠨ ᠰᠠᠶᠢᠵᠢᠷᠠᠯᠳᠠ ᠶᠢ ᠦᠷᠬᠦᠯᠵᠢᠯᠡᠨ ᠠᠬᠢᠭᠤᠯᠬᠤ ᠬᠡᠷᠡᠭᠳᠡᠢ᠃ | ᠤᠯᠤᠰ ᠤᠨ ᠴᠢᠬᠤᠯᠠ ᠮᠠᠯ ᠤᠨ ᠠᠰᠢᠬ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠤᠬᠢᠷᠳᠤᠯ ᠦᠬᠡᠢ ᠬᠦᠭᠵᠢᠯᠳᠡ ᠴᠢᠨᠠᠷ | ᠰᠠᠶᠢᠳᠠᠢ ᠬᠦᠭᠵᠢᠯᠳᠡ ᠶᠢ ᠪᠦᠬᠦ ᠬᠦᠴᠦ ᠪᠠᠷ ᠢᠶᠠᠨ ᠠᠬᠢᠭᠤᠯᠵᠥ᠂ ᠳᠠᠷᠢᠶᠠᠨ ᠭᠠᠵᠠᠷ ᠪᠤᠯᠤᠨ ᠨᠤᠳᠤᠬ ᠪᠡᠯᠴᠢᠬᠡᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ | ᠨᠠᠶᠢᠳᠠᠪᠤᠷᠢᠵᠢᠭᠤᠯᠵᠥ᠂ ᠳᠠᠷᠢᠶᠠᠯᠠᠩ ᠮᠠᠯ ᠠᠵᠥ ᠠᠬᠤᠢ ᠶᠢᠨ ᠤᠷᠤᠨ ᠪᠦᠰᠡ ᠶᠢᠨ ᠪᠠᠶᠢᠷᠢᠰᠢᠭᠤᠯᠤᠯᠳᠠ ᠪᠠ ᠦᠢᠯᠡᠳᠪᠦᠷᠢᠯᠡᠯ ᠤᠨ ᠪᠦᠳᠦᠴᠡ ᠶᠢ ᠰᠢᠯᠢᠳᠡᠭᠵᠢᠬᠦᠯᠤᠨ᠂ | ᠳᠠᠷᠢᠶᠠᠯᠠᠩ ᠮᠠᠯ ᠠᠵᠥ ᠠᠬᠤᠢ ᠶᠢᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠥ᠂ ᠦᠷ᠎ᠠ ᠶᠢᠨ ᠦᠢᠯᠡᠰ ᠤᠨ | ᠬᠦᠭᠵᠢᠯᠳᠡ ᠶᠢᠨ ᠠᠵᠢᠯᠯᠠᠭ᠎ᠠ ᠪᠤᠯᠤᠨ ᠤᠳᠤ ᠦᠶ᠎ᠡ ᠶᠢᠨ ᠦᠷ᠎ᠠ ᠶᠢᠨ ᠦᠢᠯᠡᠰ ᠢ ᠳᠡᠰ ᠳᠡᠪᠰᠢᠬᠦᠯᠬᠦ ᠢᠨᠵᠧᠨᠧᠷᠢᠩ ᠢ ᠬᠦᠨᠵᠡᠬᠡᠢ ᠬᠡᠷᠡᠭᠵᠢᠬᠦᠯᠤᠨ᠂ ᠳᠠᠷᠢᠶᠠᠯᠠᠩ ᠮᠠᠯ | ᠠᠵᠥ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠳᠡᠬᠡᠭᠰᠢᠯᠡᠬᠦᠯᠵᠥ᠂ ᠳᠠᠭᠠᠭᠤᠯᠤᠬᠴᠢ ᠠᠵᠥ ᠠᠬᠤᠢᠢᠯᠠᠯ ᠢ | ᠬᠦᠴᠦᠷᠬᠡᠭᠵᠢᠬᠦᠯᠤᠨ᠂ ᠠᠵᠥ ᠦᠢᠯᠡᠰ ᠤᠨ ᠬᠦᠷᠢᠶᠡᠯᠡᠩ ᠳᠤᠭᠤᠷᠢᠬ ᠢ ᠪᠤᠵᠠᠭᠠᠢᠢᠷᠠᠭᠤᠯᠵᠥ᠂ ︽ᠦᠪᠦᠷ ᠮᠤᠩᠭᠤᠯ︾ ᠤᠨ ᠱᠤᠰᠢᠭ᠎ᠠ ᠲᠠᠢ ᠳᠦᠷᠦᠯ ᠳᠡᠮᠳᠡᠭ ᠢ | ᠰᠢᠯᠢᠳᠡᠭᠵᠢᠬᠦᠯᠵᠥ᠂ ᠴᠢᠨᠠᠷᠯᠢᠭ ᠪᠤᠬᠢᠷᠳᠤᠯ ᠦᠬᠡᠢ ᠮᠠᠯ ᠤᠨ ᠠᠰᠢᠬ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠤ ᠬᠠᠩᠭᠠᠯᠭ᠎ᠠ ᠶᠢ ᠨᠡᠮᠡᠭᠳᠡᠬᠦᠯᠤᠨ᠂ ᠤᠯᠤᠰ ᠤᠨ ᠠᠮᠤ | ᠪᠤᠳᠠᠭᠠᠨ ᠤ ᠠᠮᠤᠷ ᠳᠦᠪᠰᠢᠨ ᠢ ᠪᠠᠳᠤᠯᠠᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠬᠤ ᠬᠡᠷᠡᠭᠳᠡᠢ᠃ ᠬᠦᠳᠡᠭᠡ ᠳᠤᠰᠬᠤᠨ ᠢ ᠪᠦᠳᠦᠬᠡᠨ ᠪᠠᠶᠢᠭᠤᠯᠬᠤ | ᠠᠵᠢᠯᠯᠠᠭ᠎ᠠ ᠶᠢ ᠶᠡᠭᠡ ᠪᠠᠷ ᠬᠡᠷᠡᠭᠵᠢᠬᠦᠯᠵᠥ᠂ ᠬᠤᠳᠠ ᠬᠦᠳᠡᠭᠡ ᠶᠢᠨ ᠬᠦᠭᠵᠢᠯᠳᠡ ᠪᠦᠳᠦᠬᠡᠨ ᠪᠠᠶᠢᠭᠤᠯᠤᠯᠳᠠ ᠶᠢᠨ ᠵᠢᠮ᠎ᠡ ᠶᠤᠰᠤ ᠶᠢ ᠵᠢᠷᠤᠮᠯᠠᠨ᠂ ᠬᠤᠳᠠ | ᠪᠠᠯᠭᠠᠰᠤᠵᠢᠯᠳᠠ ᠶᠢᠨ ᠳᠦᠯᠦᠪᠵᠢᠬᠦᠯᠬᠡ ᠪᠤᠯᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠦᠯᠦᠪᠵᠢᠬᠦᠯᠬᠡ ᠶᠢ ᠰᠠᠶᠢᠳᠤᠷ ᠨᠢᠬᠡᠳᠦᠯᠳᠡᠢ | ᠳᠦᠯᠦᠪᠵᠢᠬᠦᠯᠤᠨ ᠰᠠᠶᠢᠳᠤᠷ ᠵᠤᠬᠢᠴᠠᠭᠤᠯᠵᠥ᠂ ᠠᠮᠢ ᠠᠬᠤᠢ ᠤᠷᠴᠢᠨ ᠳᠤᠭᠤᠷᠢᠨ ᠤ ᠪᠦᠳᠦᠬᠡᠨ ᠪᠠᠶᠢᠭᠤᠯᠤᠯᠳᠠ ᠪᠤᠯᠤᠨ ᠤᠯᠠᠨ ᠨᠡᠶᠢᠳᠡ ᠶᠢᠨ ᠰᠠᠭᠤᠷᠢ | ᠳᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠰᠠᠶᠢᠵᠢᠷᠠᠭᠤᠯᠵᠥ᠂ ᠨᠡᠶᠢᠬᠡᠮ ᠵᠢᠷᠦᠮ ᠤᠨ | ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠰᠠᠶᠢᠳᠤᠷ ᠠᠳᠬᠤᠵᠥ᠂ ᠬᠤᠳᠠ ᠬᠦᠳᠡᠭᠡ ᠶᠢᠨ ᠠᠭᠤᠰᠤᠯᠴᠠᠨ ᠬᠦᠭᠵᠢᠬᠦ ᠶᠢ ᠠᠬᠢᠭᠤᠯᠵᠥ᠂ ᠦᠷᠬᠡᠨ ᠤᠯᠠᠨ ᠮᠠᠯᠴᠢᠨ | ᠳᠠᠷᠢᠶᠠᠴᠢᠨ ᠤ ᠵᠤᠯ ᠵᠢᠷᠭᠠᠯ ᠲᠠᠢ ᠪᠠᠷ ᠠᠮᠢᠳᠤᠷᠠᠬᠤ ᠰᠠᠶᠢᠨ ᠰᠠᠶᠢᠬᠠᠨ ᠬᠡᠷ ᠤᠷᠤᠨ ᠢ ᠪᠦᠬᠦ ᠳᠠᠯ᠎ᠠ ᠪᠠᠷ ᠰᠠᠶᠢᠳᠤᠷ ᠪᠦᠳᠦᠬᠡᠨ ᠪᠠᠶᠢᠭᠤᠯᠬᠤ ᠬᠡᠷᠡᠭᠳᠡᠢ ᠬᠡᠵᠥ | ᠴᠢᠬᠤᠯᠠᠴᠢᠯᠠᠪᠠ᠃ | ᠱᠢ ᠲᠠᠢ ᠹᠧᠩ᠂ ᠡᠯ᠎ᠡ ᠱᠠᠳᠤᠨ ᠤ ᠨᠠᠮ ᠤᠨ ᠬᠤᠷᠢᠶ᠎ᠠ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠬᠦᠳᠡᠭᠡ ᠳᠤᠰᠬᠤᠨ ᠤ ᠠᠵᠢᠯ ᠤᠨ ᠳᠦᠷᠢᠮ︾ ᠢ | ᠴᠢᠩᠭ᠎ᠠ ᠳᠤᠭᠤᠰᠢᠯᠠᠭᠤᠯᠤᠨ ᠬᠡᠷᠡᠭᠵᠢᠬᠦᠯᠵᠥ᠂ ︽ᠮᠠᠯ ᠠᠵᠥ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠮᠠᠯᠴᠢᠨ ᠳᠠᠷᠢᠶᠠᠴᠢᠨ︾ ᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠨ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠬᠤ ᠳᠤ ᠪᠠᠳᠤ ᠴᠢᠩᠭ᠎ᠠ ᠪᠠᠳᠤᠯᠠᠭ᠎ᠠ | ᠬᠠᠩᠭᠠᠬᠤ ᠬᠡᠷᠡᠭᠳᠡᠢ᠃ ᠳᠠᠪᠤᠨ ᠱᠠᠳᠤᠨ ᠤ ᠱᠦᠵᠢ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠳᠬᠤᠬᠤ ᠶᠢ ᠴᠢᠩᠭᠠᠳᠬᠠᠨ᠂ ᠡᠯ᠎ᠡ ᠱᠠᠳᠤᠨ ᠤ | ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ᠂ ᠡᠯ᠎ᠡ ᠱᠠᠳᠤᠨ ᠤ ᠨᠠᠮ ᠵᠠᠰᠠᠬ ᠤᠨ ᠭᠤᠤᠯ ᠬᠠᠷᠢᠭᠤᠴᠠᠯᠭᠠᠳᠠᠨ ᠨᠦᠬᠦᠳ ᠤᠯᠤᠰ ᠳᠦᠷᠦ ᠶᠢᠨ ᠬᠠᠷᠢᠭᠤᠴᠠᠯᠭ᠎ᠠ ᠪᠠᠨ | ᠡᠷᠡᠰ ᠴᠢᠩᠭ᠎ᠠ ᠡᠬᠦᠷᠬᠡᠯᠡᠵᠥ᠂ ᠬᠦᠳᠡᠭᠡ ᠠᠵᠥ ᠠᠬᠤᠢ ᠬᠦᠳᠡᠭᠡ ᠳᠤᠰᠬᠤᠨ ᠢ ᠤᠷᠢᠳ ᠢᠶᠠᠷ ᠬᠦᠭᠵᠢᠬᠦᠯᠬᠦ ᠴᠢᠭᠯᠡᠯᠳᠡ ᠶᠢ ᠨᠠᠶᠢᠳᠠᠪᠤᠷᠢᠵᠢᠭᠤᠯᠵᠥ᠂ ᠨᠡᠩ ᠶᠡᠭᠡ | ᠡᠷᠴᠢᠮ ᠢᠶᠠᠷ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠳᠡᠢ᠃ ᠬᠦᠳᠡᠭᠡ ᠳᠤᠰᠬᠤᠨ ᠮᠠᠯᠵᠢᠬᠤ ᠤᠷᠤᠨ ᠤ ᠦᠬᠡᠷᠡᠴᠢᠯᠡᠯᠳᠡ ᠶᠢ | ᠬᠦᠨᠵᠡᠬᠡᠶᠢᠷᠡᠬᠦᠯᠵᠥ᠂ ᠬᠦᠳᠡᠭᠡ ᠳᠤᠰᠬᠤᠨ ᠮᠠᠯᠵᠢᠬᠤ ᠤᠷᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠵᠥ᠂ | ᠰᠢᠨ᠎ᠡ ᠪᠠᠶᠢᠳᠠᠯ ᠰᠢᠨ᠎ᠡ ᠡᠬᠦᠷᠬᠡ ᠰᠢᠨ᠎ᠡ ᠱᠠᠭᠠᠷᠳᠠᠯᠭ᠎ᠠ ᠳᠤ ᠵᠤᠬᠢᠴᠠᠬᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯᠯᠠᠬᠤ ᠠᠩᠬᠢ ᠶᠢ ᠪᠠᠶᠢᠭᠤᠯᠬᠤ | ᠬᠡᠷᠡᠭᠳᠡᠢ᠃ ᠮᠠᠯᠴᠢᠨ ᠳᠠᠷᠢᠶᠠᠴᠢᠨ ᠤ ᠭᠤᠤᠯ ᠴᠤᠬᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠥ᠂ ᠦᠷᠬᠡᠨ ᠤᠯᠠᠨ ᠮᠠᠯᠴᠢᠨ ᠳᠠᠷᠢᠶᠠᠴᠢᠨ ᠤᠯᠠᠨ ᠳᠦᠮᠡᠨ ᠤ | ᠬᠦᠳᠡᠭᠡ ᠳᠤᠰᠬᠤᠨ ᠢ ᠪᠦᠳᠦᠬᠡᠨ ᠪᠠᠶᠢᠭᠤᠯᠬᠤ᠂ ᠰᠠᠶᠢᠨ ᠰᠠᠶᠢᠬᠠᠨ ᠬᠡᠷ ᠤᠷᠤᠨ ᠢᠶᠠᠨ ᠪᠦᠳᠦᠬᠡᠨ ᠪᠠᠶᠢᠭᠤᠯᠬᠤ ᠳᠤ ᠤᠷᠤᠯᠴᠠᠬᠤ ᠢᠳᠡᠪᠬᠢᠵᠢᠯ ᠪᠠ ᠰᠠᠨᠠᠭᠠᠴᠢᠯᠠᠭᠠᠳᠤ | ᠴᠢᠨᠠᠷ ᠪᠦᠳᠦᠬᠡᠯᠴᠢ ᠴᠢᠨᠠᠷ ᠢ ᠬᠦᠭᠵᠢᠬᠡᠬᠦ ᠬᠡᠷᠡᠭᠳᠡᠢ ᠬᠡᠵᠥ ᠴᠢᠬᠤᠯᠠᠴᠢᠯᠠᠪᠠ᠃ | ᠪᠦ᠋ ᠰᠢᠶᠤᠤ ᠯᠢᠨ᠂ ᠶᠡᠷᠦᠩᠬᠡᠢ ᠱᠦᠵᠢ ᠰᠢ ᠶᠢᠨ ᠫᠢᠩ ᠪᠤᠯᠤᠨ ᠨᠠᠮ ᠤᠨ ᠳᠦᠪ ᠬᠤᠷᠢᠶᠠᠨ ᠤ ᠰᠢᠨ᠎ᠡ ᠬᠦᠭᠵᠢᠯᠳᠡ ᠶᠢᠨ ᠱᠠᠳᠤᠨ ᠳᠠᠬᠢ ︽ᠬᠦᠳᠡᠭᠡ ᠠᠵᠥ | ᠠᠬᠤᠢ ᠬᠦᠳᠡᠭᠡ ᠳᠤᠰᠬᠤᠨ ᠳᠠᠷᠢᠶᠠᠴᠢᠨ︾ ᠤ ᠠᠵᠢᠯ ᠤᠨ ᠳᠤᠬᠠᠢ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠤᠨᠤᠪᠴᠢᠳᠠᠢ ᠤᠢᠢᠯᠠᠭᠠᠨ᠂ | ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾ ᠤ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢ | ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠨ᠂ ᠤᠷᠤᠨ ᠳᠠᠶᠠᠭᠠᠷ ᠤᠨ ᠬᠦᠴᠦᠨ ᠢᠶᠠᠷ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠳᠡᠢ᠃ | ᠳᠦᠯᠦᠪᠵᠢᠬᠦᠯᠦᠨ ᠬᠦᠳᠦᠯᠦᠨ ᠳᠠᠭᠠᠭᠤᠯᠬᠤ ᠪᠠᠨ ᠴᠢᠩᠭᠠᠳᠬᠠᠵᠥ ᠵᠢᠱᠢᠶ᠎ᠠ ᠦᠵᠡᠬᠦᠯᠬᠦ ᠤᠷᠤᠨ ᠢ ᠡᠬᠦᠳᠦᠨ ᠪᠠᠶᠢᠭᠤᠯᠬᠤ ᠠᠵᠢᠯ ᠦᠷᠨᠢᠬᠦᠯᠵᠥ᠂ ᠬᠡᠷᠡᠭᠵᠢᠬᠦᠯᠵᠥ | ᠪᠤᠯᠬᠤ ᠵᠠᠬᠪᠤᠷ ᠢ ᠳ᠋ᠦᠩᠨᠡᠨ ᠳᠡᠯᠬᠡᠷᠡᠬᠦᠯᠵᠥ᠂ ᠵᠢᠱᠢᠶ᠎ᠡ ᠦᠵᠡᠬᠦᠯᠤᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠳᠡᠢ᠃ ᠳᠦᠪ ᠤᠨ ᠵᠤᠷᠢᠬ ᠰᠠᠨᠠᠭ᠎ᠠ | ᠪᠤᠯᠤᠨ ᠡᠨᠡ ᠤᠳᠠᠭ᠎ᠠ ᠶᠢᠨ ᠬᠤᠷᠠᠯ ᠤᠨ ᠪᠠᠶᠢᠷᠢᠯᠠᠭᠤᠯᠤᠯᠳᠠ ᠶᠤᠰᠤᠭᠠᠷ᠂ ᠠᠬᠢᠭᠤᠯᠬᠤ ᠠᠵᠢᠯ ᠢ ᠱᠠᠯᠠᠪᠳᠠᠨ ᠰᠤᠳᠤᠯᠵᠤ᠂ ᠦᠨᠡᠨ ᠬᠦ ᠠᠳᠬᠤᠨ ᠪᠤᠳᠠᠳᠠᠢ ᠠᠵᠢᠯᠯᠠᠬᠤ᠂ | ᠬᠦᠴᠢᠷ ᠢ ᠳᠤᠭᠤᠯᠵᠥ ᠪᠡᠷᠬᠡ ᠶᠢ ᠳᠠᠪᠠᠭ᠋ᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠤᠬᠦᠯᠤᠨ᠂ ︽ᠠᠷᠪᠠᠨ ᠳᠦᠷᠪᠡᠳᠤᠬᠡᠷ ᠳᠠᠪᠤᠨ ᠵᠢᠯ︾ ᠤᠨ ᠬᠦᠭᠵᠢᠯᠳᠡ ᠶᠢ | ᠰᠠᠶᠢᠨ ᠡᠬᠢᠯᠡᠯᠳᠡ ᠲᠠᠢ ᠪᠤᠯᠭᠠᠬᠤ ᠪᠠᠷ ᠴᠢᠷᠮᠠᠶᠢᠨ᠂ ᠰᠢᠯᠢᠳᠡᠭ ᠠᠮᠵᠢᠯᠳᠠ ᠪᠠᠷ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠬᠡᠯᠡᠬᠦ ᠬᠡᠷᠡᠭᠳᠡᠢ ᠬᠡᠵᠥ ᠵᠢᠭᠠᠵᠥ | ᠭᠠᠷᠭᠠᠪᠠ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠥ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠦᠳᠡᠭᠡ ᠳᠤᠰᠬᠤᠨ ᠮᠠᠯᠵᠢᠬᠤ ᠤᠷᠤᠨ ᠤ | ᠠᠵᠢᠯ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠦᠪᠡᠷᠳᠡᠬᠡᠨ ᠵᠠᠰᠠᠬᠤ ᠤᠷᠤᠨ ᠤ ᠡᠯ᠎ᠡ ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠳᠡᠨ ᠨᠦᠬᠦᠳ ᠭᠤᠤᠯ | ᠬᠤᠷᠠᠯ ᠤᠨ ᠳᠠᠯᠠᠪᠠᠢ ᠳᠤ ᠬᠤᠷᠠᠯ ᠳᠤ ᠤᠷᠤᠯᠴᠠᠵᠥ᠂ ᠡᠯ᠎ᠡ ᠠᠶᠢᠮᠠᠬ ᠬᠤᠳᠠ ᠪᠤᠯᠤᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠳᠠᠯᠠᠪᠠᠢ | ᠳᠤᠬᠢᠷᠠᠭᠤᠯᠪᠠ᠃ |