ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠪᠦᠬᠦ ᠤᠯᠤᠰ ᠤᠨ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠠᠢ  ᠱᠢ ᠲᠠᠢ ᠹᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2021/1/22

     1 ᠰᠠᠷ᠎ᠠ ᠶᠢᠨ 21 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ 12 ᠠᠶᠢᠮᠠᠭ ᠬᠤᠳᠠ ᠶᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠲᠤᠰᠬᠠᠢ ᠲᠤᠭᠤᠷᠢᠨ ᠪᠠᠶᠢᠴᠠᠭᠠᠯᠳᠠ ᠦᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠪᠡ᠃
     ᠬᠤᠷᠠᠯ ᠠᠴᠠ᠂ ᠨᠢᠭᠡᠳᠦᠮᠡᠯ ᠹᠷᠤᠨᠲ ᠪᠤᠯ ᠮᠠᠨ ᠤ ᠨᠠᠮ ᠤᠨ ᠬᠤᠪᠤᠷ ᠡᠷᠳᠡᠨᠢ ᠪᠤᠯᠤᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨᠴᠠᠭᠠᠢᠢᠯᠠᠨ ᠨᠢᠭᠡᠳᠦᠮᠡᠯ ᠹᠷᠤᠨᠲ ᠤᠨ ᠠᠵᠢᠯ ᠤᠨ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠤᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠰ ᠤᠳᠠᠭᠠᠨ ᠤ ᠪᠦᠬᠦ ᠤᠯᠤᠰ ᠤᠨ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠦᠨᠳᠦᠷᠴᠡ ᠠᠴᠠ ᠨᠢᠭᠡᠳᠦᠮᠡᠯ ᠹᠷᠤᠨᠲ ᠤᠨ ᠴᠢᠬᠤᠯᠠ ᠬᠤᠪᠤᠷ ᠡᠷᠳᠡᠨᠢ ᠶᠢᠨ ᠦᠢᠯᠡᠳᠦᠯ ᠢ ᠭᠦᠢᠴᠡᠳ ᠲᠠᠨᠢᠵᠤ᠂ ᠲᠦᠪ ᠶᠤᠰᠤ ᠶᠢ ᠪᠠᠷᠢᠮᠳᠠᠯᠠᠨ ᠰᠢᠨ᠎ᠠ ᠶᠢ ᠡᠭᠦᠳᠬᠦ ᠶᠢ ᠪᠠᠷᠢᠮᠳᠠᠯᠠᠵᠤ᠂ ᠨᠢᠭᠡᠳᠦᠮᠡᠯ ᠹᠷᠤᠨᠲ ᠤᠨ ᠡᠯ᠎ᠠ ᠬᠦᠷᠢᠶᠡᠨ ᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠪᠦᠯᠬᠦᠮᠳᠡᠵᠤ ᠪᠤᠯᠬᠤ ᠬᠦᠴᠦᠨ ᠪᠦᠬᠦᠨ ᠲᠠᠢ ᠪᠦᠯᠬᠦᠮᠳᠡᠵᠦ᠂ ᠳᠠᠶᠢᠴᠢᠯᠠᠵᠤ ᠪᠤᠯᠬᠤ ᠢᠳᠡᠪᠬᠢ ᠡᠯᠧᠮᠧᠨ᠋ᠲ ᠪᠦᠬᠦᠨ ᠢ ᠳᠠᠶᠢᠴᠢᠯᠠᠵᠤ᠂ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠰᠠᠶᠢᠳᠤᠷ ᠡᠬᠢᠯᠡᠬᠦᠯᠤᠨ᠂ ᠲᠦᠷᠦᠭᠦᠦ ᠠᠯᠬᠤᠮ ᠢ ᠰᠠᠶᠢᠳᠤᠷ ᠠᠯᠬᠤᠬᠤ ᠪᠠᠷ ᠬᠠᠮᠳᠦ ᠪᠠᠷ ᠴᠢᠷᠮᠠᠶᠢᠨ ᠲᠡᠮᠡᠴᠡᠬᠦ ᠬᠡᠷᠡᠭᠳᠠᠢ᠃ ᠨᠢᠭᠡᠳᠦᠮᠡᠯ ᠹᠷᠤᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠠᠵᠢᠯ ᠤᠨ ᠤᠳᠤᠷᠢᠳᠬᠤ ᠳᠤᠭᠤᠢᠢᠯᠠᠩ ᠤᠨ ᠦᠢᠯᠡᠳᠦᠯ ᠢ ᠨᠡᠩ ᠰᠠᠶᠢᠳᠦᠷ ᠪᠠᠳᠠᠷᠠᠭᠤᠯᠤᠨ᠂ ᠶᠡᠭᠡ ᠨᠢᠭᠡᠳᠦᠮᠡᠯ ᠹᠷᠤᠨᠲ ᠤᠨ ᠠᠵᠢᠯ ᠤᠨ ᠪᠠᠶᠢᠷᠢᠰᠢᠯ ᠢ ᠤᠯᠠᠮ ᠴᠢᠨᠠᠭᠰᠢᠳᠠ ᠪᠠᠶᠢᠭᠤᠯᠤᠨ ᠲᠡᠭᠦᠯᠳᠡᠷᠵᠢᠭᠦᠯᠵᠤ᠂ ᠨᠢᠭᠡᠳᠦᠮᠡᠯ ᠹᠷᠤᠨᠲ ᠤᠨ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠬᠦᠴᠦᠯᠡᠨ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃
     ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠰᠠᠨ ᠠᠴᠠ ᠨᠠᠭᠠᠰᠢ᠂ ᠪᠠᠶᠢᠩᠭᠤ ᠶᠢᠨ ᠬᠤᠷᠢᠶᠠᠨ ᠤ ᠭᠡᠰᠢᠭᠦᠨ ᠨᠠᠷ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ ᠪᠦᠬᠦ ᠤᠷᠤᠨ ᠤ ᠳᠡᠭᠡᠳᠤ ᠳᠤᠤᠷᠠᠳᠤ ᠱᠠᠳᠤ ᠬᠤᠯᠪᠤᠭᠠᠯᠠᠨ ᠬᠦᠳᠡᠯᠦᠯᠴᠡᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠪᠡ᠃ ᠡᠭᠦᠨ ᠤ ᠬᠠᠮᠳᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠪᠠᠰᠠ ᠲᠡᠩᠴᠡᠭᠦᠷᠢ ᠦᠭᠡᠢ ᠪᠠᠶᠢᠵᠤ᠂ ᠤᠳᠤᠷᠢᠳᠬᠤ ᠺᠠᠳ᠋ᠷ ᠢ ᠪᠠᠭᠳᠠᠭᠠᠭᠰᠠᠨ ᠵᠠᠷᠢᠮ ᠨᠠᠮ ᠤᠨ ᠭᠡᠰᠢᠭᠦᠨ ᠺᠠᠳ᠋ᠷ ᠲᠤ ᠮᠦᠨ ᠬᠦ ᠦᠵᠡᠯ ᠰᠠᠨᠠᠭ᠎ᠠ ᠲᠠᠨᠢᠯᠳᠠ ᠭᠦᠢᠴᠡᠳ ᠪᠤᠰᠤ᠂ ᠠᠵᠢᠯ ᠤᠨ ᠡᠷᠴᠢᠮ ᠴᠢᠩᠭ᠎ᠠ ᠪᠢᠰᠢ ᠠᠰᠠᠭᠤᠳᠠᠯ ᠤᠷᠤᠰᠢᠵᠤ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠳᠤ ᠠᠩᠬᠠᠷᠤᠯ ᠪᠠ ᠬᠦᠴᠦ ᠪᠠᠨ ᠲᠦᠪᠯᠡᠷᠡᠭᠦᠯᠬᠦ ᠨᠢ ᠭᠦᠢᠴᠡᠳ ᠪᠤᠰᠤ᠂ ᠪᠠᠶᠢᠩᠭᠤ ᠶᠢᠨ ᠴᠢᠨᠠᠷᠳᠠᠢ ᠠᠵᠢᠯ ᠢ ᠠᠳᠬᠤᠬᠤ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠤᠷᠤᠯᠠᠭᠤᠯᠵᠤ ᠪᠠᠶᠢᠭ᠎ᠠ ᠠᠰᠠᠭᠤᠳᠠᠯ ᠤᠷᠤᠰᠢᠵᠤ ᠪᠠᠶᠢᠨ᠎ᠠ᠃ ᠡᠯ᠎ᠠ ᠱᠠᠲᠤ ᠡᠯ᠎ᠠ ᠰᠠᠯᠠᠭ᠎ᠠ ᠮᠦᠴᠢᠷ᠂ ᠮᠠᠠ ᠤ ᠤᠷᠤᠨ ᠤ ᠦᠨᠲᠦᠰᠦᠲᠠᠠ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ ᠶᠢᠨ ᠲᠠᠯ᠎ᠠ ᠳᠤ ᠤᠷᠤᠰᠢᠵᠦ ᠪᠠᠶᠢᠭ᠎ᠠ ᠵᠦᠷᠢᠶ᠎ᠠ ᠪᠠᠨ ᠭᠦᠨᠵᠡᠭᠡᠢ ᠡᠷᠬᠢᠴᠡᠭᠦᠯᠦᠨ ᠪᠤᠲᠤᠵᠦ᠂ ᠡᠷᠡᠰ ᠴᠡᠭᠴᠡᠯᠡᠡ ᠰᠠᠶᠢᠵᠢᠷᠠᠭᠤᠯᠬᠤ ᠪᠤᠯ ᠨᠠᠮ ᠤᠨ ᠲᠦᠪ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠬᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠤᠯᠤᠨ ᠤᠯᠤᠰ ᠲᠦᠷᠦ ᠶᠢᠨ ᠶᠤᠰᠤ ᠳᠦᠷᠢᠮ ᠢ ᠡᠷᠡᠰ ᠭᠡᠷᠡᠭᠵᠢᠭᠦᠯᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢᠨ ᠤᠯᠤᠰ ᠲᠦᠷᠦ ᠶᠢᠨ ᠱᠠᠭᠠᠷᠲᠠᠯᠭ᠎ᠠ ᠮᠦᠨ᠂ ᠮᠠᠠ ᠤ ᠤᠷᠤᠨ ᠤ ᠦᠨᠲᠦᠰᠦᠲᠠᠠ ᠤ ᠠᠵᠢᠯ ᠤᠨ ᠵᠦᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠬᠤ ᠴᠢᠬᠤᠯᠠ ᠪᠠᠲᠤᠯᠠᠭ᠎ᠠ ᠮᠦᠨ ᠭᠡᠰᠡᠡ ᠢ ᠬᠦᠨᠵᠡᠭᠡᠢ ᠲᠠᠨᠢᠬᠤ ᠭᠡᠷᠡᠭᠲᠡᠢ᠃ ᠢᠮᠠᠭᠲᠠ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠠᠬᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠴᠡᠭᠴᠡᠯᠡᠡ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠦ᠂ ᠨᠠᠮ ᠤᠨ ᠦᠠᠲᠦᠰᠦᠲᠠᠠ ᠤ ᠤᠨᠤᠯ ᠪᠠ ᠲᠦᠷᠦ ᠶᠢᠨ ᠪᠤᠲᠤᠯᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠲᠤᠮᠲᠠᠬᠢ ᠡᠷᠴᠢᠮ ᠤᠨ ᠵᠦᠷᠢᠶ᠎ᠠ᠂ ᠠᠭᠤᠯᠭ᠎ᠠ ᠶᠢᠨ ᠵᠦᠷᠢᠶ᠎ᠠ᠂ ᠴᠢᠭᠯᠡᠯ ᠤᠨ ᠵᠦᠷᠢᠶ᠎ᠠ ᠶᠢ ᠡᠷᠡᠰ ᠵᠠᠯᠠᠷᠠᠭᠤᠯᠵᠦ᠂ ᠠᠵᠢᠯ ᠢᠶᠠᠨ ᠭᠦᠨᠵᠡᠭᠡᠶᠢᠷᠡᠭᠦᠯᠦᠨ ᠨᠠᠷᠢᠯᠢᠭᠵᠢᠭᠤᠯᠵᠤ ᠪᠤᠳᠠᠳᠠᠶᠢᠵᠢᠭᠤᠯᠤᠨ᠂ ᠲᠤᠮᠲᠠᠲᠤ ᠶᠢᠨ ᠦᠨᠲᠦᠰᠦᠲᠠᠠ ᠤ ᠬᠠᠮᠲᠤ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠤᠯᠭᠠᠵᠦ ᠰᠢᠨ᠎ᠠ ᠴᠠᠭ ᠦᠶ᠎ᠠ ᠶᠢᠨ ᠮᠠᠠ ᠤ ᠤᠷᠤᠠ ᠤ ᠦᠨᠲᠦᠰᠦᠲᠠᠠ ᠤ ᠠᠵᠢᠯ ᠢ ᠦᠨᠡᠡ ᠬᠦ ᠰᠠᠶᠢᠲᠤᠷ ᠬᠢᠬᠦ ᠭᠡᠷᠡᠭᠲᠡᠢ᠃ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠳ ᠴᠡᠭᠴᠡᠯᠡᠡ ᠰᠠᠶᠢᠵᠢᠷᠠᠭᠤᠯᠬᠤ ᠶᠢ ᠠᠳᠬᠤᠬᠤ ᠲᠠᠯ᠎ᠠ ᠪᠠᠷ ᠦᠷᠭᠦᠯᠵᠢᠯᠡᠨ ᠰᠠᠶᠢᠨ ᠲᠠᠭᠠᠭᠤᠯᠤᠭᠴᠢ᠂ ᠰᠠᠶᠢᠨ ᠲᠠᠭᠤᠷᠢᠶᠠᠯ ᠪᠤᠯᠵᠦ᠂ ᠲᠦᠷᠦᠯ ᠬᠤᠪᠢᠶᠠᠠ ᠠᠷᠭ᠎ᠠ ᠪᠤᠲᠤᠯᠭ᠎ᠠ ᠭᠡᠷᠡᠭᠵᠢᠭᠦᠯᠵᠦ᠂ ᠯᠠᠪᠳᠠᠭᠤᠨ ᠪᠤᠯᠭᠤᠮᠵᠢᠲᠠᠢ ᠪᠠᠷ ᠠᠬᠢᠭᠤᠯᠵᠦ᠂ ᠲᠠᠰᠤᠷᠠᠯᠳᠠ ᠦᠭᠡᠢ ᠬᠦᠴᠦᠯᠡᠨ᠂ ᠤᠲᠠᠭᠠᠠ ᠳᠠᠭᠠᠭᠠᠮᠠᠭᠠᠢ ᠪᠠᠷ ᠵᠢᠳᠭᠦᠵᠤ᠂ ᠲᠤᠰᠬᠠᠢ ᠰᠡᠲᠦᠪᠲᠦ ᠠᠷᠠᠳᠴᠢᠯᠠᠯ ᠤᠨ ᠠᠮᠢᠲᠤᠷᠠᠯ ᠤᠨ ᠬᠤᠷᠠᠯ ᠢᠶᠠᠷ ᠡᠷᠢᠵᠦ ᠭᠠᠷᠭᠠᠭᠰᠠᠠ ᠠᠰᠠᠭᠤᠲᠠᠯ ᠨᠢᠭᠡᠪᠤᠷᠢ ᠶᠢ ᠡᠷᠡᠰ ᠲᠦᠢᠯᠪᠦᠷᠢᠲᠠᠢ ᠲᠤᠭᠤᠰᠢᠳᠠᠢ ᠴᠡᠭᠴᠡᠯᠡᠡ ᠰᠠᠶᠢᠵᠢᠷᠠᠭᠤᠯᠵᠦ᠂ ᠠᠰᠠᠭᠤᠲᠠᠯ ᠢ ᠴᠡᠭᠴᠡᠯᠡᠡ ᠰᠠᠶᠢᠵᠢᠷᠠᠭᠤᠯᠬᠤ ᠪᠠᠷ ᠮᠠᠠ ᠤ ᠤᠷᠤᠨ ᠤ ᠦᠨᠲᠦᠰᠦᠲᠠᠠ ᠤ ᠠᠵᠢᠯ ᠤᠨ ᠲᠦᠪᠰᠢᠨ ᠲᠠᠰᠤᠷᠠᠯᠲᠠ ᠦᠭᠡᠢ ᠲᠡᠭᠡᠭᠰᠢᠯᠡᠭᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃
     ᠬᠤᠷᠠᠯ ᠠᠴᠠ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠭᠠᠵᠠᠷ ᠤᠷᠤᠨ ᠤ ᠠᠵᠦ ᠠᠬᠤᠢ ᠶᠢᠨ ᠬᠦᠭᠵᠢᠯᠲᠠ ᠳᠤ ᠲᠦᠢᠯ ᠤᠨ ᠴᠢᠬᠤᠯᠠ ᠦᠢᠯᠡᠲᠦᠯ ᠦᠵᠡᠭᠦᠯᠳᠡᠭ᠂ ᠴᠢᠨᠠᠷ ᠰᠠᠶᠢᠲᠠᠢ ᠬᠦᠭᠵᠢᠯᠲᠠ ᠶᠢ ᠠᠳᠬᠤᠬᠤ ᠳᠤ ᠡᠷᠭᠡᠪᠰᠢ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠪᠦᠲᠦᠭᠡᠡ ᠪᠠᠶᠢᠭᠤᠯᠤᠯᠲᠠ ᠶᠢ ᠠᠳᠬᠤᠬᠤ ᠭᠡᠷᠡᠭᠲᠡᠢ᠃ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠲᠤᠰᠬᠠᠢ ᠲᠤᠭᠤᠷᠢᠨ ᠪᠠᠶᠢᠴᠠᠭᠠᠯᠲᠠ ᠶᠢ ᠦᠷᠨᠢᠭᠦᠯᠬᠦ ᠪᠤᠯ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠮᠠᠠ ᠤ ᠤᠷᠤᠨ ᠤ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠤᠨ ᠪᠦᠲᠦᠭᠡᠡ ᠪᠠᠶᠢᠭᠤᠯᠤᠯᠲᠠ ᠳᠤ ᠤᠷᠤᠰᠢᠵᠦ ᠪᠠᠶᠢᠬᠤ ᠲᠤᠪᠤᠶᠢᠮ᠎ᠠ ᠠᠰᠠᠭᠤᠲᠠᠯ ᠢ ᠰᠢᠢᠳᠪᠦᠷᠢᠯᠡᠵᠦ᠂ ᠰᠠᠶᠢᠨ ᠰᠠᠶᠢᠬᠠᠨ ᠬᠦᠭᠵᠢᠯᠲᠠ ᠶᠢᠨ ᠤᠷᠴᠢᠨ ᠪᠦᠷᠢᠯᠳᠦᠬᠦ ᠶᠢ ᠠᠬᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠦᠨ ᠭᠠᠷᠭᠠᠭᠰᠠᠨ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠤᠯᠤᠨ᠎ᠠ᠃ ᠲᠤᠰᠬᠠᠢ ᠲᠤᠭᠤᠷᠢᠨ ᠪᠠᠶᠢᠴᠠᠭᠠᠯᠲᠠ ᠶᠢᠨ ᠪᠠᠶᠢᠲᠠᠯ ᠬᠠᠷᠠᠭᠤᠯᠤᠭᠰᠠᠨ ᠨᠢ᠂ ᠮᠠᠠ ᠤ ᠤᠷᠤᠨ ᠤ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠤᠨ ᠲᠠᠯ᠎ᠠ ᠳᠤ ᠠᠯᠢ ᠤᠯᠠᠨ ᠠᠰᠠᠭᠤᠳᠠᠯ ᠤᠷᠤᠰᠢᠵᠤ ᠪᠠᠶᠢᠬᠤ ᠪᠦᠭᠡᠳ ᠮᠠᠰᠢ ᠬᠦᠨᠳᠤ ᠬᠡᠴᠡᠭᠦᠦ ᠠᠰᠠᠭᠤᠳᠠᠯ ᠤᠷᠤᠰᠢᠵᠤ᠂ ᠨᠢᠭᠡᠨᠲᠡ ᠰᠢᠢᠳᠪᠦᠷᠢᠯᠡᠬᠦ ᠦᠭᠡᠢ ᠪᠤᠯ ᠪᠤᠯᠬᠤ ᠦᠭᠡᠢ ᠬᠡᠮᠵᠢᠶᠡᠨ ᠳᠤ ᠬᠦᠷᠴᠠᠢ᠃ ᠲᠤᠭᠤᠷᠢᠨ ᠪᠠᠶᠢᠴᠠᠭᠠᠯᠲᠠ ᠶᠢᠨ ᠦᠷ᠎ᠠ ᠪᠦᠲᠦᠭᠡᠯ ᠢ ᠦᠨᠡᠡ ᠬᠦ ᠰᠠᠶᠢᠳᠦᠷ ᠭᠡᠷᠡᠭᠯᠡᠵᠦ᠂ ᠲᠤᠭᠤᠷᠢᠨ ᠪᠠᠶᠢᠴᠠᠭᠠᠭᠲᠠᠭᠰᠠᠠ ᠭᠠᠵᠠᠷ ᠤᠷᠤᠨ ᠤ ᠬᠢᠨ ᠤᠯᠤᠰ ᠲᠦᠷᠦ ᠶᠢ ᠡᠷᠬᠢᠮᠯᠡᠬᠦ ᠦᠨᠲᠦᠷᠴᠡ ᠠᠴᠠ ᠠᠰᠠᠭᠤᠲᠠᠯ ᠢ ᠨᠢᠭᠡᠳ ᠨᠢᠭᠡ ᠪᠠᠷ ᠴᠡᠭᠴᠡᠯᠡᠡ ᠰᠠᠶᠢᠵᠢᠷᠠᠭᠤᠯᠬᠤ ᠶᠢ ᠬᠦᠴᠦᠲᠠᠢ ᠠᠬᠢᠭᠤᠯᠬᠤ ᠭᠡᠷᠡᠭᠲᠡᠢ᠃ ᠡᠯ᠎ᠠ ᠠᠶᠢᠮᠠᠭ ᠬᠤᠲᠠ ᠶᠢᠨ ᠬᠢᠨ ᠴᠡᠭᠴᠡᠯᠡᠡ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠶᠢ ᠴᠢᠬᠤᠯᠠ ᠡᠬᠦᠷᠭᠡ ᠪᠤᠯᠭᠠᠵᠦ᠂ ᠨᠢᠭᠡ ᠪᠦᠯᠦᠭ ᠲᠤᠪᠤᠶᠢᠮ᠎ᠠ ᠠᠰᠠᠭᠤᠲᠠᠯ ᠢ ᠬᠦᠴᠦ ᠪᠠᠨ ᠲᠦᠪᠯᠡᠷᠡᠭᠦᠯᠦᠨ ᠰᠢᠢᠳᠪᠦᠷᠢᠯᠡᠵᠦ᠂ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠳᠤ ᠰᠠᠶᠢᠨ ᠰᠠᠶᠢᠬᠠᠨ ᠲᠦᠷᠦ ᠶᠢᠨ ᠪᠤᠲᠤᠯᠭ᠎ᠠ ᠶᠢᠨ ᠤᠷᠴᠢᠨ᠂ ᠬᠠᠤᠯᠢᠵᠢᠯ ᠤᠨ ᠤᠷᠴᠢᠨ᠂ ᠵᠠᠬ᠎ᠠ ᠲᠡᠯᠭᠡᠭᠦᠷ ᠤᠨ ᠤᠷᠴᠢᠨ᠂ ᠨᠡᠶᠢᠭᠡᠮ ᠤᠨ ᠤᠷᠴᠢᠨ ᠡᠭᠦᠳᠴᠤ ᠦᠭᠬᠦ ᠭᠡᠷᠡᠭᠲᠡᠢ᠃ ᠵᠠᠷᠢᠮ ᠲᠦᠭᠡᠮᠡᠯ ᠴᠢᠨᠠᠷᠲᠠᠢ ᠠᠰᠠᠭᠤᠲᠠᠯ ᠳᠤ ᠴᠢᠭᠯᠡᠭᠦᠯᠵᠦ᠂ ᠠᠵᠢᠯ ᠤᠨ ᠠᠷᠭ᠎ᠠ ᠬᠡᠮᠵᠢᠶ᠎ᠠ ᠪᠠᠨ ᠴᠢᠩᠭᠠᠷᠠᠭᠤᠯᠵᠦ᠂ ᠳᠦᠷᠢᠮ ᠲᠤᠭᠲᠠᠴᠠ ᠪᠠᠨ ᠲᠡᠭᠦᠯᠲᠡᠷᠵᠢᠭᠦᠯᠵᠦ᠂ ᠠᠰᠠᠭᠤᠲᠠᠯ ᠤᠨ ᠦᠩᠭᠡ ᠦᠨᠲᠦᠰᠦ ᠶᠢ ᠨᠢ ᠵᠡᠷᠭᠡ ᠪᠠᠷ ᠵᠠᠰᠠᠨ ᠰᠢᠢᠳᠪᠦᠷᠢᠯᠡᠬᠦ ᠭᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠠᠴᠠ ᠦᠪᠡᠷᠲᠡᠭᠡᠡ ᠵᠠᠰᠠᠬᠤ ᠤᠷᠤᠨ ᠤ ᠠᠷᠪᠠᠠ ᠭᠤᠷᠪᠠᠲᠤᠭᠠᠷ ᠬᠤᠭᠤᠴᠠᠭᠠᠠ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠲᠦᠭᠡᠷ ᠬᠤᠷᠠᠯ ᠳᠤ ᠲᠡᠪᠰᠢᠭᠦᠯᠵᠦ ᠬᠢᠨᠠᠠ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠤᠷᠲᠤᠨ ᠤ ᠠᠵᠢᠯ ᠤᠨ ᠢᠯᠡᠳᠭᠡᠯ᠂ ︽ᠠᠷᠪᠠᠠ ᠲᠦᠷᠪᠡᠲᠦᠭᠡᠷ ᠲᠠᠪᠤᠠ ᠵᠢᠯ︾ ᠤᠨ ᠲᠦᠯᠦᠪᠵᠢᠭᠦᠯᠭᠡ ᠪᠤᠯᠤᠨ 2035 ᠤᠨ ᠤ ᠠᠯᠤᠰ ᠤᠨ ᠬᠠᠷᠠᠯᠲᠠ ᠶᠢᠨ ᠬᠦᠲᠦᠯᠪᠦᠷᠢ ᠵᠡᠷᠭᠡ ᠪᠢᠴᠢᠭ ᠮᠠᠲ᠋ᠧᠷᠢᠶᠠᠯ ᠢ ᠰᠤᠲᠤᠯᠵᠦ᠂ ︽ᠦᠪᠦᠷ ᠮᠤᠩᠭᠤᠯ ᠤᠨ ᠦᠪᠡᠷᠲᠡᠭᠡᠡ ᠵᠠᠰᠠᠬᠤ ᠤᠷᠤᠨ ᠤ ︿ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠡ ᠪᠠᠶᠢᠭᠤᠯᠤᠯᠲᠠ ᠶᠢᠨ ᠬᠦᠲᠦᠯᠪᠦᠷᠢ﹀ ᠶᠢ ᠲᠤᠭᠤᠰᠢᠯᠠᠭᠤᠯᠬᠤ ᠭᠡᠷᠡᠭᠵᠢᠭᠦᠯᠬᠦ ᠲᠦᠰᠦᠯ︾ ᠢ ᠬᠢᠨᠠᠠ ᠵᠦᠪᠯᠡᠪᠠ᠃
     ᠬᠤᠷᠠᠯ ᠠᠴᠠ ᠪᠠᠰᠠ ᠪᠤᠰᠤᠳ ᠵᠦᠢᠯ ᠢ ᠰᠤᠲᠤᠯᠤᠭᠰᠠᠠ ᠪᠠᠶᠢᠨ᠎ᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ