ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠪᠠ  ᠯᠢᠨ ᠱᠣᠤ ᠴᠦᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠵᠠᠩ ᠱᠣᠤ ᠴᠦᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2021/1/22

     1 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠤᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳ᠋ᠦᠩᠨᠡᠨ᠂ ᠪᠦᠲᠦᠮᠵᠢᠲᠡᠢ ᠵᠣᠯᠭᠠᠭᠤᠯᠬᠤ ᠪᠣᠳᠠᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠢ ᠡᠷᠭᠢᠯᠡᠪᠡ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠰᠡᠭᠦᠯ ᠬᠤᠷᠢᠶᠠᠬᠤ ᠲᠠᠰᠢᠷᠠᠮ ᠪᠠ ᠬᠤᠶᠠᠷ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠵᠣᠯᠭᠠᠭᠤᠯᠬᠤ ᠵᠠᠩᠭᠢᠯᠠᠭ᠎ᠠ ᠶᠢᠨ ᠦᠶ᠎ᠡ ᠳᠤ ᠳᠤᠷᠠᠳᠤᠭᠰᠠᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠡᠨᠡ ᠵᠢᠯ ᠴᠢᠨᠠᠭᠰᠢᠯᠠᠪᠠᠯ ᠪᠦᠬᠦᠶᠢᠯᠡ ︽14·5︾ ᠶᠢᠨ ᠬᠤᠭᠤᠴᠠᠭᠠᠨ ᠤ ᠬᠥᠳᠡᠭᠡ ᠲᠣᠰᠬᠤᠨ ᠤ ᠠᠵᠢᠯ ᠤᠨ ᠨᠢᠭᠡᠳᠦᠭᠡᠷ ᠡᠭᠦᠷᠭᠡ ᠮᠥᠨ᠂ ᠡᠷᠬᠡᠪᠰᠢ ᠲᠣᠪᠣᠶᠢᠮ᠎ᠠ ᠴᠢᠬᠤᠯᠠ ᠪᠠᠶᠢᠷᠢᠨ ᠳᠤ ᠲᠠᠯᠪᠢᠵᠤ ᠴᠢᠩᠭ᠎ᠠ ᠰᠠᠶᠢᠲᠤᠷ ᠠᠳᠬᠤᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠦᠷᠭᠦᠯᠵᠢᠯᠡᠨ ᠲᠡᠮᠵᠢᠵᠤ᠂ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠳᠤ ᠲᠣᠭᠲᠠᠭᠤᠨ ᠢᠶᠠᠷ ᠠᠵᠢᠯ ᠣᠯᠭᠤᠬᠤ ᠶᠢ ᠦᠷᠭᠦᠯᠵᠢᠯᠡᠨ ᠠᠬᠢᠭᠤᠯᠵᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢᠨ ᠠᠵᠢᠯ ᠢ ᠰᠠᠶᠢᠲᠤᠷ ᠬᠢᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠪᠡᠳᠴᠢᠨ ᠠᠴᠠ ᠪᠤᠯᠵᠤ ᠶᠠᠳᠠᠭᠤᠷᠠᠬᠤ ᠲᠠᠬᠢᠨ ᠶᠠᠳᠠᠭᠤᠷᠠᠬᠤ ᠶᠢ ᠪᠦᠲᠦᠮᠵᠢᠲᠡᠢ ᠰᠡᠷᠭᠡᠶᠢᠯᠡᠵᠦ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠡᠷᠡᠰ ᠰᠠᠬᠢᠵᠤ᠂ ᠬᠡᠪᠴᠢᠶᠡᠲᠦ ᠴᠢᠨᠠᠷᠲᠠᠢ ᠪᠠᠷ ᠲᠠᠬᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠤᠨ ᠵᠣᠯᠭᠠᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠡᠮᠵᠢᠯᠭᠡ ᠶᠢᠨ ᠭᠤᠤᠯᠳᠠᠯᠭ᠎ᠠ ᠪᠣᠯᠭᠠᠵᠤ᠂ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠥᠬᠦ ᠲᠠᠯ᠎ᠠ ᠪᠠᠷ ᠵᠣᠯᠭᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠶᠢ ᠪᠦᠷᠢᠨᠰᠢᠭᠦᠯᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠰᠤᠳᠤᠯᠤᠨ ᠰᠥᠪᠡᠭᠴᠢᠯᠡᠬᠦ ᠬᠡᠷᠡᠭᠲᠡᠶ᠃ ᠪᠠᠶᠢᠭᠤᠯᠤᠮᠵᠢ ᠡᠩᠨᠡᠭᠡ ᠶᠢᠨ ᠵᠣᠯᠭᠠᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠱᠠᠲᠤᠨ ᠤ ᠶᠠᠳᠠᠭᠤ ᠶᠢ ᠲᠡᠳᠬᠦᠬᠦ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠲᠣᠭᠲᠠᠭᠤᠨ ᠡᠮᠬᠢ ᠵᠢᠷᠤᠮ ᠲᠠᠢ ᠰᠠᠶᠢᠲᠤᠷ ᠬᠢᠵᠦ᠂ ᠡᠮᠦᠨ᠎ᠡ ᠹᠷᠣᠨᠲ ᠤᠨ ᠬᠠᠪᠰᠤᠷᠤᠨ ᠲᠡᠳᠬᠦᠬᠦ ᠡᠩᠨᠡᠭᠡ ᠶᠢᠨ ᠦᠶᠯᠡᠳᠦᠯ ᠢ ᠨᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ ᠭᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠬᠠᠮᠵᠢᠯᠴᠠᠨ ᠠᠬᠢᠭᠤᠯᠬᠤ ᠶᠢ ᠴᠢᠩᠭᠠᠳᠬᠠᠵᠤ᠂ ᠲᠠᠪᠤᠨ ᠱᠠᠲᠤᠨ ᠤ ᠱᠦᠵᠢ ᠶᠢᠨ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠢᠳᠡᠪᠬᠢᠲᠡᠢ ᠵᠣᠯᠭᠠᠭᠤᠯᠤᠨ᠂ ᠠᠵᠢᠯ ᠲᠦᠷᠦᠯ ᠢᠶᠠᠷ ᠲᠤᠰᠠᠯᠠᠬᠤ ᠪᠠ ᠨᠡᠶᠢᠭᠡᠮ ᠤᠨ ᠬᠦᠴᠦᠨ ᠢ ᠬᠠᠪᠰᠤᠷᠤᠨ ᠲᠡᠳᠬᠦᠬᠦ ᠳᠤ ᠣᠷᠤᠯᠴᠠᠭᠤᠯᠵᠤ᠂ ᠡᠯ᠎ᠡ ᠵᠦᠢᠯ ᠤᠨ ᠵᠣᠯᠭᠠᠭᠤᠯᠬᠤ ᠠᠵᠢᠯ ᠤᠨ ᠲᠣᠭᠲᠠᠭᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ