1 ᠰᠠᠷ᠎ᠠ ᠶᠢᠨ 9 ᠤ ᠡᠳᠦᠷ᠂ ᠦᠪᠡᠷᠲᠡᠭᠡᠨ ᠵᠠᠰᠠᠬᠤ ᠤᠷᠤᠨ ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠤᠭᠤᠳᠬᠤ ᠭᠠᠵᠠᠷ ᠲᠧᠯᠸᠢᠰ ᠤᠳᠠᠰᠤ ᠬᠤᠷᠠᠯ ᠬᠤᠷᠠᠯᠳᠤᠭᠤᠯᠵᠦ᠂ ᠤᠯᠤᠰ ᠤᠨ ᠳᠤᠳᠤᠭᠠᠳᠦ ᠶᠢᠨ ᠬᠢᠵᠢᠭ ᠤᠨ ᠪᠠᠶᠢᠳᠠᠯ ᠦᠨᠳᠦᠷ ᠳᠤᠮᠳᠠ ᠠᠶᠦᠯ | ᠲᠦᠭᠰᠢᠬᠦᠷᠢ ᠲᠠᠢ ᠤᠷᠤᠨ ᠠᠴᠠ ᠮᠠᠨ ᠤ ᠤᠷᠤᠨ ᠳᠤ ᠢᠷᠡᠬᠦ ᠬᠤᠯᠪᠤᠭᠳᠠᠯ ᠪᠦᠬᠦᠢ ᠬᠦᠮᠦᠰ ᠢ ᠵᠢᠬᠰᠠᠭᠠᠨ ᠪᠠᠶᠢᠴᠠᠭᠠᠵᠦ ᠬᠠᠮᠢᠶᠠᠷᠤᠨ ᠡᠵᠡᠮᠳᠡᠬᠦ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ | ᠪᠠᠶᠢᠩᠭᠤ ᠶᠢᠨ ᠳᠡᠳ᠋ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠭᠡᠢ | ᠵᠢᠯᠤᠭᠤᠳᠤᠬᠴᠢ ᠵᠠᠩ ᠱᠤᠤ ᠴᠦᠨ ᠬᠤᠷᠠᠯ ᠢ ᠡᠷᠬᠢᠯᠡᠨ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠭᠡᠢ ᠵᠢᠯᠤᠭᠤᠳᠤᠬᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠨ | ᠶᠠᠷᠢᠶ᠎ᠠ ᠲᠠᠯᠪᠢᠵᠠᠢ᠃ | ᠬᠤᠷᠠᠯ ᠠᠴᠠ᠂ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠠᠨᠳᠤᠰᠢ ᠬᠦᠨᠳᠦ ᠭᠡᠴᠡᠬᠦᠦ ᠨᠠᠷᠢᠨ ᠪᠤᠳᠤᠯᠢᠶᠠᠨᠳᠠᠢ ᠪᠠᠶᠢᠨ᠎ᠠ᠂ ᠡᠯ᠎ᠠ | ᠭᠠᠵᠠᠷ᠂ ᠡᠯ᠎ᠠ ᠠᠵᠢᠯᠯᠠᠬᠤ ᠲᠤᠭᠤᠢᠢᠯᠠᠩ᠂ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠵᠦ᠂ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠢᠮᠠᠬᠳᠠ ᠴᠢᠩᠭᠠᠯᠠᠬᠤ ᠭᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠬᠦᠮᠦᠨ ᠬᠠᠷ᠎ᠠ᠂ ᠡᠳ᠋ ᠪᠠᠷᠠᠭ᠎ᠠ᠂ ᠤᠷᠴᠢᠨ ᠲᠤᠭᠤᠷᠢᠨ ᠵᠡᠷᠭᠡ ᠡᠯ᠎ᠠ ᠲᠠᠯ᠎ᠠ ᠶᠢᠨ ᠰᠡᠷᠭᠡᠶᠢᠯᠡᠨ ᠡᠵᠡᠮᠳᠡᠬᠦ | ᠠᠷᠭ᠎ᠠ ᠭᠡᠮᠵᠢᠶ᠎ᠠ ᠶᠢ ᠪᠤᠳᠠᠳᠠᠢ ᠨᠠᠶᠢᠳᠠᠪᠤᠷᠢᠵᠢᠭᠤᠯᠬᠤ ᠭᠡᠷᠡᠭᠲᠡᠢ᠃ ᠦᠨᠳᠦᠷ ᠳᠤᠮᠳᠠ ᠠᠶᠦᠯ ᠲᠦᠭᠰᠢᠬᠦᠷᠢ ᠲᠠᠢ ᠭᠠᠵᠠᠷ ᠤᠷᠤᠨ ᠠᠴᠠ ᠮᠠᠨ ᠤ ᠤᠷᠤᠨ ᠳᠤ ᠢᠷᠡᠬᠦ | ᠬᠦᠮᠦᠰ ᠢ ᠮᠦᠷᠳᠡᠨ ᠵᠢᠬᠰᠠᠭᠠᠨ ᠪᠠᠶᠢᠴᠠᠭᠠᠬᠤ᠂ ᠰᠢᠯᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠦ᠂ ᠠᠵᠢᠯ ᠤᠨ | ᠤᠯᠤᠯᠴᠠᠭ᠎ᠠ ᠪᠠᠨ ᠴᠢᠩᠭᠠᠳᠬᠠᠨ᠂ ᠪᠤᠭᠤᠮᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠠᠶᠢᠳᠤᠷ ᠬᠢᠵᠦ᠂ ᠭᠠᠳᠠᠭᠠᠳᠦ ᠠᠴᠠ | ᠤᠷᠤᠭᠤᠯᠤᠭᠰᠠᠨ ᠡᠳ᠋ ᠪᠤᠳᠠᠰ ᠤᠨ ᠬᠢᠵᠢᠭ ᠢ ᠪᠠᠶᠢᠴᠠᠭᠠᠬᠤ ᠰᠢᠯᠭᠠᠨ ᠪᠠᠶᠢᠴᠠᠭᠠᠬᠤ ᠠᠵᠢᠯ ᠢ ᠡᠷᠴᠢᠮᠵᠢᠬᠦᠯᠦᠨ᠂ ᠮᠡᠳᠡᠬᠦᠯᠬᠦ ᠲᠦᠷᠢᠮ ᠢ ᠲᠦᠪ ᠴᠢᠩᠭ᠎ᠠ | ᠨᠠᠶᠢᠳᠠᠪᠤᠷᠢᠵᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠠ ᠭᠠᠵᠠᠷ᠂ ᠡᠯ᠎ᠠ ᠠᠵᠢᠯᠯᠠᠬᠤ ᠲᠤᠭᠤᠢᠢᠯᠠᠩ᠂ ᠡᠯ᠎ᠠ ᠰᠠᠯᠠᠭ᠎ᠠ ᠮᠦᠴᠢᠷ ᠤᠨ ᠬᠢᠨ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ | ᠪᠤᠳᠠᠳᠠᠶᠢᠵᠢᠭᠤᠯᠵᠦ᠂ ᠡᠯ᠎ᠠ ᠲᠦᠷᠦᠯ ᠤᠨ ᠲᠦᠰᠦᠯ ᠢᠶᠠᠨ ᠳᠡᠬᠦᠯᠳᠡᠷᠵᠢᠬᠦᠯᠦᠨ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠦ᠂ ᠬᠢᠵᠢᠭ ᠤᠨ ᠪᠠᠶᠢᠳᠠᠯ ᠲᠠᠬᠢᠨ | ᠡᠬᠦᠰᠴᠦ ᠳᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠭᠡᠷᠡᠭᠳᠡᠢ ᠭᠡᠵᠦ ᠱᠠᠭᠠᠷᠳᠠᠵᠠᠢ᠃ |