ᠪᠦᠬᠦ ᠤᠷᠤᠨ ᠤ ᠤᠯᠤᠰ ᠳᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2021/1/22
      1 ᠰᠠᠷ᠎ᠠ ᠶᠢᠨ 20 ᠤ ᠦᠳᠡ ᠶᠢᠨ ᠡᠮᠤᠨ᠎ᠡ᠂ ᠪᠦᠬᠦ ᠤᠷᠤᠨ ᠤ ᠤᠯᠤᠰ ᠳᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠡᠮᠤᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠦᠬᠦ ᠤᠷᠤᠨ ᠤ ᠤᠯᠤᠰ ᠳᠦᠷᠦ ᠬᠠᠤᠯᠢ ᠴᠠᠭᠠᠵᠠ ᠶᠢᠨ ᠠᠵᠢᠯ ᠳᠤ ᠴᠣᠬᠤᠯᠠᠪᠤᠷᠢ ᠥᠭᠴᠡᠢ᠃      ᠱᠢ ᠲᠠᠢ ᠹᠧᠩ ᠴᠤᠬᠤᠯᠠᠪᠤᠷᠢ ᠳᠠᠭᠠᠨ᠂ ᠦᠩᠬᠡᠷᠡᠭᠰᠡᠨ ᠨᠢᠬᠡ ᠵᠢᠯ ᠳᠤ᠂ ᠪᠦᠬᠦ ᠤᠷᠤᠨ ᠤ ᠤᠯᠤᠰ ᠳᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ  ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠨᠠᠮ ᠤᠨ ᠳᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠠᠮᠤᠷ ᠳᠦᠪᠰᠢᠨ ᠳᠤᠬᠳᠠᠭᠤᠨ ᠪᠠᠶᠢᠳᠠᠯ ᠢ ᠪᠠᠳᠤᠯᠠᠨ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠥ ᠠᠬᠤᠢ ᠨᠡᠶᠢᠬᠡᠮ ᠤᠨ ᠬᠦᠭᠵᠢᠯᠳᠡ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠬᠤ ᠳᠤ ᠠᠮᠤᠷ ᠳᠦᠪᠰᠢᠨ ᠠᠮᠤᠷ ᠳᠤᠬᠳᠠᠭᠤᠨ ᠨᠡᠶᠢᠬᠡᠮ ᠤᠨ ᠤᠷᠴᠢᠨ ᠢ ᠪᠦᠷᠢᠯᠳᠦᠭᠦᠯᠵᠦ ᠦᠭᠪᠡ᠃ ᠡᠨᠡ ᠵᠢᠯ ᠪᠤᠯ ︽ᠠᠷᠪᠠᠨ ᠳᠦᠷᠪᠡᠳᠤᠬᠡᠷ ᠳᠠᠪᠤᠨ ᠵᠢᠯ︾ ᠤᠨ ᠡᠬᠢᠯᠡᠯᠳᠡ ᠶᠢᠨ ᠵᠢᠯ ᠪᠤᠯᠤᠨ᠎ᠠ᠂ ᠪᠦᠬᠦ ᠤᠷᠤᠨ ᠤ ᠡᠯ᠎ᠡ ᠱᠠᠳᠤᠨ ᠤ ᠤᠯᠤᠰ ᠳᠦᠷᠦ ᠬᠠᠤᠯᠢ ᠴᠠᠭᠠᠵᠠ ᠶᠢᠨ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠳᠦᠷᠦ ᠬᠠᠤᠯᠢ ᠴᠠᠭᠠᠵᠠ ᠶᠢᠨ ᠠᠵᠢᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠵᠥ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠳᠠᠯᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠬᠦᠭᠵᠢᠯᠳᠡ ᠪᠠ ᠠᠮᠤᠷ ᠲᠦᠪᠰᠢᠨ ᠢ ᠨᠢᠭᠡᠳᠦᠯᠳᠠᠢ ᠲᠦᠯᠦᠪᠵᠢᠭᠦᠯᠬᠦ ᠶᠢ ᠪᠠᠷᠢᠮᠳᠠᠯᠠᠵᠤ᠂ ᠰᠢᠰᠲ᠋ᠧᠮᠳᠤ ᠦᠵᠡᠯᠳᠡ᠂ ᠬᠠᠤᠯᠢᠵᠢᠯ ᠤᠨ ᠰᠡᠳᠭᠢᠬᠦᠢ᠂ ᠰᠠᠭᠤᠷᠢ ᠶᠢ ᠪᠠᠳᠤᠳᠬᠠᠬᠤ ᠤᠳᠤᠷᠢᠳᠤᠮᠵᠢ ᠶᠢ ᠨᠡᠩ ᠴᠢᠬᠤᠯᠠᠴᠢᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠦᠨᠡᠨ ᠬᠦ ᠠᠬᠢᠭᠤᠯᠬᠤ ᠬᠡᠷᠡᠭᠳᠠᠢ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠠᠳᠤᠯᠠᠬᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠬᠤ᠂ ᠠᠷᠠᠳ ᠲᠦᠮᠡᠨ ᠤ ᠠᠮᠤᠷ ᠲᠤᠭᠳᠠᠭᠤᠨ ᠠᠵᠤ ᠲᠦᠷᠦᠬᠦ ᠶᠢ ᠪᠠᠳᠤᠯᠠᠬᠤ ᠭᠤᠤᠯ ᠡᠭᠦᠷᠭᠡ ᠶᠢ ᠨᠠᠷᠢᠨ ᠬᠢᠨᠠᠮᠠᠭᠠᠢ ᠭᠦᠢᠴᠡᠳᠭᠡᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦ ᠪᠠᠷ ᠢᠶᠠᠨ ᠰᠡᠷᠭᠡᠶᠢᠯᠡᠨ ᠠᠷᠢᠯᠭᠠᠵᠦ᠂ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠠᠮᠤᠷ ᠲᠤᠭᠳᠠᠭᠤᠨ ᠢ ᠬᠠᠮᠠᠭᠠᠯᠠᠬᠤ ᠠᠵᠢᠯ ᠢ ᠯᠠᠪᠳᠠᠭᠤᠨ ᠪᠠᠳᠤᠳᠠᠢ ᠦᠷᠨᠢᠭᠦᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠳᠡ ᠶᠢ ᠭᠦᠨᠵᠡᠭᠡᠢ ᠦᠷᠨᠢᠭᠦᠯᠵᠤ᠂ ᠨᠡᠩ ᠦᠨᠳᠦᠷ ᠲᠦᠪᠰᠢᠨ ᠪᠦᠬᠦᠢ ᠠᠮᠤᠭᠤᠯᠠᠩᠳᠤ ᠦᠪᠦᠷ ᠮᠤᠩᠭᠤᠯ᠂ ᠬᠠᠤᠯᠢᠵᠢᠯ ᠤᠨ ᠦᠪᠦᠷ ᠮᠤᠩᠭᠤᠯ ᠢ ᠴᠢᠷᠮᠠᠶᠢᠨ ᠪᠦᠲᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠳᠤ ᠶᠢᠨ ᠠᠮᠤᠷ ᠲᠦᠪᠰᠢᠨ ᠤ ᠲᠤᠭᠳᠠᠭᠤᠨ ᠬᠠᠯᠬᠠᠪᠴᠢ ᠶᠢ ᠪᠠᠳᠤ ᠴᠤᠭᠴᠠᠯᠠᠵᠤ᠂ ᠰᠢᠯᠢᠳᠡᠭ ᠠᠮᠵᠢᠯᠳᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠳᠤᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠳᠤᠳᠤᠭᠠᠳᠤ ᠶᠢ ᠬᠠᠮᠠᠭᠠᠯᠠᠬᠤ ᠲᠢᠩᠭᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠤᠷᠤᠯᠴᠠᠵᠠᠢ᠃      ᠯᠢᠨ ᠱᠤᠤ ᠴᠦᠨ᠂ ᠪᠦᠬᠦ ᠤᠷᠤᠨ ᠤ ᠡᠯ᠎ᠠ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠤᠯᠤᠨ ᠦᠷᠭᠡᠡ ᠤᠯᠠᠠ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠲᠠᠭ᠎ᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠠ ᠤᠢᠢᠯᠠᠭᠠᠵᠦ᠂ ᠤᠨᠤᠪᠴᠢᠲᠠᠢ ᠤᠢᠢᠯᠠᠭᠠᠠ ᠡᠵᠡᠮᠲᠡᠵᠦ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠪᠤᠯᠤᠨ ᠠᠷᠪᠠ ᠶᠢᠰᠦᠲᠦᠭᠡᠷ ᠬᠤᠭᠤᠴᠠᠭᠠᠠ ᠤ ᠲᠦᠪ ᠬᠤᠷᠢᠶᠠᠠ ᠤ ᠬᠤᠶᠠᠲᠤᠭᠠᠷ᠂ ᠭᠤᠷᠪᠠᠲᠤᠭᠠᠷ᠂ ᠲᠦᠷᠪᠡᠲᠦᠭᠡᠷ᠂ ᠲᠠᠪᠤᠲᠤᠭᠠᠷ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠤᠯᠤᠨ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠠᠷᠪᠠᠲᠤᠭᠠᠷ ᠬᠤᠭᠤᠴᠠᠭᠠᠠ ᠤ ᠠᠷᠪᠠᠠ ᠭᠤᠷᠪᠠᠲᠤᠭᠠᠷ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠶᠡᠭᠡ ᠲᠠᠯ᠎ᠠ ᠶᠢᠨ ᠤᠬᠠᠮᠰᠠᠷ᠂ ᠪᠦᠬᠦ ᠲᠠᠯ᠎ᠠ ᠶᠢᠨ ᠦᠵᠡᠯᠲᠠ ᠶᠢ ᠪᠤᠢ ᠪᠤᠯᠭᠠᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠤᠪᠤᠶᠢᠯᠭᠠᠠ᠂ ᠨᠠᠮ ᠤᠨ ᠤᠯᠠᠠ ᠲᠦᠮᠡᠡᠴᠢ ᠱᠤᠭᠤᠮ ᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠠᠮᠢᠨ ᠰᠤᠲᠠᠰᠤ ᠪᠤᠯᠭᠠᠵᠦ᠂ ᠡᠭᠡ ᠤᠯᠤᠰ ᠤᠨ ᠤᠮᠠᠷᠠᠲᠦ ᠬᠢᠯᠢ ᠶᠢᠨ ᠠᠮᠤᠷ ᠲᠦᠪᠰᠢᠨ ᠲᠤᠭᠲᠠᠭᠤᠨ ᠪᠠᠶᠢᠲᠠᠯ ᠢ ᠪᠠᠬᠢᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠷᠮᠠᠶᠢᠨ ᠡᠬᠦᠷᠭᠡᠯᠡᠬᠦ ᠬᠡᠷᠡᠭᠲᠡᠢ᠃ ᠦᠩᠭᠡᠷᠡᠭᠰᠡᠡ ᠨᠢᠭᠡ ᠵᠢᠯ ᠳᠤ ᠤᠯᠤᠭᠰᠠᠠ ᠠᠮᠵᠢᠯᠲᠠ ᠪᠦᠳᠦᠮᠵᠢ ᠪᠤᠯᠤᠨ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠰᠢᠨ᠎ᠠ ᠴᠠᠭ ᠦᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠡᠷᠴᠢ ᠬᠦᠴᠦᠳᠦ ᠪᠠᠶᠢᠲᠠᠯ ᠢ ᠲᠠᠰᠤᠷᠠᠯᠲᠠ ᠦᠭᠡᠢ ᠪᠠᠬᠢᠵᠢᠭᠦᠯᠦᠨ ᠰᠠᠶᠢᠲᠤᠷ ᠬᠢᠬᠦ ᠭᠡᠷᠡᠭᠲᠡᠢ᠃ ᠰᠢᠨ᠎ᠠ ᠬᠦᠭᠵᠢᠯᠲᠠ ᠶᠢᠨ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠠ ᠪᠠᠶᠢᠲᠠᠯ ᠰᠢᠨ᠎ᠠ ᠤᠨᠴᠠᠯᠢᠭ ᠢ ᠤᠨᠤᠪᠴᠢᠲᠠᠢ ᠡᠵᠡᠮᠲᠡᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠦ ᠰᠡᠳᠭᠢᠯᠭᠡ ᠪᠤᠯᠤᠨ ᠲᠤᠯᠭᠠᠮ ᠰᠡᠳᠭᠢᠯᠭᠡ ᠪᠠᠨ ᠦᠨᠡᠡ ᠬᠦ ᠴᠢᠩᠭᠠᠳᠬᠠᠠ᠂ ᠬᠦᠭᠵᠢᠯᠲᠡ ᠪᠠ ᠠᠮᠤᠷ ᠲᠦᠪᠰᠢᠨ ᠢ ᠨᠢᠭᠡᠲᠦᠯᠲᠡᠢ ᠲᠦᠯᠦᠪᠵᠢᠭᠦᠯᠬᠦ ᠶᠢ ᠪᠠᠷᠢᠮᠲᠠᠯᠠᠵᠦ᠂ ᠤᠯᠤᠰ ᠤᠨ ᠵᠠᠰᠠᠭ ᠤᠨ ᠡᠷᠭᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ ᠳᠤ ᠠᠩᠬᠠᠷᠤᠯ ᠢᠶᠠᠨ ᠲᠦᠪᠯᠡᠷᠡᠭᠦᠯᠵᠦ᠂ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢᠨ ᠦᠢᠯᠡᠴᠢᠯᠡᠭᠡ ᠪᠠᠲᠤᠯᠠᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠨᠡᠶᠢᠭᠡᠮ ᠤᠨ ᠵᠦᠷᠢᠴᠡᠯ ᠢ ᠰᠡᠷᠭᠡᠶᠢᠯᠡᠡ ᠠᠷᠢᠯᠭᠠᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠠᠠ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢ ᠪᠦᠬᠦ ᠲᠠᠯ᠎ᠠ ᠪᠠᠷ ᠦᠷᠨᠢᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠪᠠᠶᠢᠲᠠᠯ ᠢ ᠪᠦᠬᠦ ᠬᠦᠴᠤᠨ ᠢᠶᠠᠷ ᠢᠶᠠᠨ ᠡᠭᠦᠳᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠢ ᠸᠢᠲᠢᠣ᠋ ᠬᠡᠯᠪᠡᠷᠢ ᠪᠠᠷ ᠡᠯ᠎ᠠ ᠠᠶᠢᠮᠠᠭ ᠬᠤᠲᠠ ᠳᠤ ᠬᠦᠷᠳᠡᠯ᠎ᠡ ᠬᠤᠷᠠᠯᠲᠤᠭᠤᠯᠵᠠᠢ᠃
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ