1 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠬᠥᠬᠡᠬᠤᠲᠠ ᠳᠤ | ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠤᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳ᠋ᠦᠩᠨᠡᠨ᠂ ᠪᠦᠲᠦᠮᠵᠢᠲᠡᠢ | ᠵᠣᠯᠭᠠᠭᠤᠯᠬᠤ ᠪᠣᠳᠠᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ | ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠢ | ᠡᠷᠭᠢᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠰᠡᠭᠦᠯ ᠬᠤᠷᠢᠶᠠᠬᠤ ᠲᠠᠰᠢᠷᠠᠮ ᠪᠠ ᠬᠤᠶᠠᠷ ᠶᠡᠭᠡ ᠪᠠᠶᠢᠯᠳᠤᠬᠤ | ᠪᠣᠳᠣᠯᠭ᠎ᠠ ᠶᠢᠨ ᠡᠭᠦᠷᠭᠡ ᠶᠢ ᠵᠣᠯᠭᠠᠭᠤᠯᠬᠤ ᠵᠠᠩᠭᠢᠯᠠᠭ᠎ᠠ ᠶᠢᠨ ᠦᠶ᠎ᠡ ᠳᠤ ᠳᠤᠷᠠᠳᠤᠭᠰᠠᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ | ᠡᠨᠡ ᠵᠢᠯ ᠴᠢᠨᠠᠭᠰᠢᠯᠠᠪᠠᠯ ᠪᠦᠬᠦᠶᠢᠯᠡ ︽14·5︾ ᠶᠢᠨ ᠬᠤᠭᠤᠴᠠᠭᠠᠨ ᠤ ᠬᠥᠳᠡᠭᠡ ᠲᠣᠰᠬᠤᠨ ᠤ ᠠᠵᠢᠯ ᠤᠨ ᠨᠢᠭᠡᠳᠦᠭᠡᠷ ᠡᠭᠦᠷᠭᠡ ᠮᠥᠨ᠂ ᠡᠷᠬᠡᠪᠰᠢ ᠲᠣᠪᠣᠶᠢᠮ᠎ᠠ | ᠴᠢᠬᠤᠯᠠ ᠪᠠᠶᠢᠷᠢᠨ ᠳᠤ ᠲᠠᠯᠪᠢᠵᠤ ᠴᠢᠩᠭ᠎ᠠ ᠰᠠᠶᠢᠲᠤᠷ ᠠᠳᠬᠤᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠳᠡᠭᠡ ᠲᠣᠰᠬᠤᠨ ᠤ | ᠤᠨᠴᠠᠯᠢᠬᠳᠤ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠦᠷᠭᠦᠯᠵᠢᠯᠡᠨ ᠲᠡᠮᠵᠢᠵᠤ᠂ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠳᠤ ᠲᠣᠭᠲᠠᠭᠤᠨ ᠢᠶᠠᠷ | ᠠᠵᠢᠯ ᠣᠯᠭᠤᠬᠤ ᠶᠢ ᠦᠷᠭᠦᠯᠵᠢᠯᠡᠨ ᠠᠬᠢᠭᠤᠯᠵᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢᠨ ᠠᠵᠢᠯ ᠢ ᠰᠠᠶᠢᠲᠤᠷ ᠬᠢᠵᠦ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠪᠡᠳᠴᠢᠨ ᠠᠴᠠ | ᠪᠤᠯᠵᠤ ᠶᠠᠳᠠᠭᠤᠷᠠᠬᠤ ᠲᠠᠬᠢᠨ ᠶᠠᠳᠠᠭᠤᠷᠠᠬᠤ ᠶᠢ ᠪᠦᠲᠦᠮᠵᠢᠲᠡᠢ ᠰᠡᠷᠭᠡᠶᠢᠯᠡᠵᠦ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ | ᠬᠢᠨᠠᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠡᠷᠡᠰ ᠰᠠᠬᠢᠵᠤ᠂ ᠬᠡᠪᠴᠢᠶᠡᠲᠦ ᠴᠢᠨᠠᠷᠲᠠᠢ ᠪᠠᠷ ᠲᠠᠬᠢᠨ | ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠤᠨ ᠵᠣᠯᠭᠠᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠶᠠᠳᠠᠭᠤ ᠠᠴᠠ | ᠠᠩᠭᠢᠵᠢᠷᠠᠭᠰᠠᠨ ᠬᠤᠰᠢᠭᠤ ᠰᠢᠶᠠᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠡᠮᠵᠢᠯᠭᠡ ᠶᠢᠨ ᠭᠤᠤᠯᠳᠠᠯᠭ᠎ᠠ | ᠪᠣᠯᠭᠠᠵᠤ᠂ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠥᠬᠦ ᠲᠠᠯ᠎ᠠ ᠪᠠᠷ ᠵᠣᠯᠭᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠶᠢ ᠪᠦᠷᠢᠨᠰᠢᠭᠦᠯᠬᠦ ᠬᠡᠷᠡᠭᠲᠡᠶ᠃ ᠲᠥᠷᠥ ᠶᠢᠨ ᠪᠣᠳᠣᠯᠭ᠎ᠠ | ᠶᠢᠨ ᠵᠣᠯᠭᠠᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠡᠷᠦᠩᠬᠡᠶ ᠳᠤ ᠪᠠᠨ ᠲᠣᠭᠲᠠᠭᠤᠨ ᠪᠠᠶᠢᠬᠤ | ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠢᠳᠡᠪᠬᠢᠲᠡᠶ ᠰᠤᠳᠤᠯᠤᠨ ᠰᠥᠪᠡᠭᠴᠢᠯᠡᠬᠦ ᠬᠡᠷᠡᠭᠲᠡᠶ᠃ ᠪᠠᠶᠢᠭᠤᠯᠤᠮᠵᠢ ᠡᠩᠨᠡᠭᠡ ᠶᠢᠨ ᠵᠣᠯᠭᠠᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ | ᠱᠠᠲᠤᠨ ᠤ ᠶᠠᠳᠠᠭᠤ ᠶᠢ ᠲᠡᠳᠬᠦᠬᠦ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠲᠣᠭᠲᠠᠭᠤᠨ ᠡᠮᠬᠢ ᠵᠢᠷᠤᠮ ᠲᠠᠢ ᠰᠠᠶᠢᠲᠤᠷ ᠬᠢᠵᠦ᠂ | ᠡᠮᠦᠨ᠎ᠡ ᠹᠷᠣᠨᠲ ᠤᠨ ᠬᠠᠪᠰᠤᠷᠤᠨ ᠲᠡᠳᠬᠦᠬᠦ ᠡᠩᠨᠡᠭᠡ ᠶᠢᠨ ᠦᠶᠯᠡᠳᠦᠯ ᠢ ᠨᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠬᠠᠮᠵᠢᠯᠴᠠᠨ ᠠᠬᠢᠭᠤᠯᠬᠤ ᠶᠢ ᠴᠢᠩᠭᠠᠳᠬᠠᠵᠤ᠂ | ᠲᠠᠪᠤᠨ ᠱᠠᠲᠤᠨ ᠤ ᠱᠦᠵᠢ ᠶᠢᠨ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠢᠳᠡᠪᠬᠢᠲᠡᠢ ᠵᠣᠯᠭᠠᠭᠤᠯᠤᠨ᠂ ᠠᠵᠢᠯ ᠲᠦᠷᠦᠯ ᠢᠶᠠᠷ | ᠲᠤᠰᠠᠯᠠᠬᠤ ᠪᠠ ᠨᠡᠶᠢᠭᠡᠮ ᠤᠨ ᠬᠦᠴᠦᠨ ᠢ ᠬᠠᠪᠰᠤᠷᠤᠨ ᠲᠡᠳᠬᠦᠬᠦ ᠳᠤ ᠣᠷᠤᠯᠴᠠᠭᠤᠯᠵᠤ᠂ ᠡᠯ᠎ᠡ ᠵᠦᠢᠯ ᠤᠨ ᠵᠣᠯᠭᠠᠭᠤᠯᠬᠤ ᠠᠵᠢᠯ ᠤᠨ ᠲᠣᠭᠲᠠᠭᠤᠨ ᠡᠮᠬᠢ ᠳᠢᠭᠯᠢᠮ | ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃ |