1 ᠰᠠᠷ᠎ᠠ ᠶᠢᠨ 21 ᠤ ᠡᠳᠦᠷ᠂ ᠪᠦᠬᠦ ᠤᠷᠤᠨ ᠤ ᠴᠡᠷᠢᠭ ᠡᠯᠰᠡᠬᠦ ᠠᠵᠢᠯ ᠤᠨ ᠲᠧᠯᠸᠢᠰ ᠤᠳᠠᠰᠤ ᠬᠤᠷᠠᠯ ᠬᠦᠬᠡᠬᠤᠳᠠ ᠳᠤ ᠬᠤᠷᠠᠯᠳᠤᠵᠠᠢ᠃ | ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠢᠰᠰᠠᠷ ᠶᠠᠩ ᠰᠢᠶᠤᠤ ᠺᠠᠩ ᠬᠤᠷᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠳᠡᠳ᠋ | ᠲᠡᠷᠢᠭᠦᠯᠡᠭᠴᠢ ᠡᠸᠤ ᠶᠠᠩ ᠰᠢᠶᠤᠤ ᠬᠤᠢ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠤ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠳᠡᠳ᠋ | ᠺᠤᠮᠠᠨᠳ᠋ᠯᠠᠭᠴᠢ ᠵᠠᠩ ᠶᠢᠩ ᠺᠦᠢ ᠡᠨᠡ ᠵᠢᠯ ᠤᠨ ᠪᠦᠬᠦ ᠤᠷᠤᠨ ᠤ ᠴᠡᠷᠢᠭ ᠡᠯᠰᠡᠬᠦ ᠠᠵᠢᠯ ᠢ ᠪᠠᠶᠢᠷᠢᠯᠠᠭᠤᠯᠵᠠᠢ᠃ | ᠬᠤᠷᠠᠯ ᠠᠴᠠ᠂ ᠴᠡᠷᠢᠭ ᠡᠯᠰᠡᠬᠦ ᠠᠵᠢᠯ ᠪᠤᠯ ᠶᠡᠷᠦ ᠨᠢ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠭᠢ ᠶᠢᠨ ᠪᠠᠶᠢᠭᠤᠯᠤᠯᠳᠠ ᠶᠢᠨ ᠰᠠᠭᠤᠷᠢ ᠮᠦᠨ᠂ | ᠪᠦᠬᠦ ᠤᠷᠤᠨ ᠤ ᠡᠯ᠎ᠠ ᠱᠠᠳᠤᠨ ᠤ ᠬᠢᠨ ᠨᠢᠭᠡ ᠵᠢᠯ ᠬᠤᠶᠠᠷ ᠤᠳᠠᠭ᠎ᠠ ᠴᠡᠷᠢᠭ ᠡᠯᠰᠡᠬᠦ ᠠᠵᠢᠯ ᠢ ︽ᠳᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠦᠷᠪᠡᠨ | ᠢᠳᠡᠭᠡᠯ︾ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠢᠯᠡᠳᠦᠯᠭᠡ ᠶᠢᠨ ᠰᠢᠯᠭᠠᠯᠳᠠ ᠪᠤᠯᠭᠠᠬᠤ ᠬᠡᠷᠡᠭᠳᠠᠢ᠃ ᠰᠢᠨ᠎ᠠ ᠴᠠᠭ ᠦᠶ᠎ᠠ ᠶᠢᠨ | ᠴᠡᠷᠢᠭ ᠡᠯᠰᠡᠬᠦ ᠠᠵᠢᠯ ᠤᠨ ᠡᠭᠦᠷᠭᠡᠳᠤ ᠰᠡᠳᠭᠢᠯᠭᠡ ᠬᠠᠷᠢᠭᠤᠴᠠᠯᠭᠠᠳᠤ ᠰᠡᠳᠭᠢᠯᠭᠡ ᠪᠠᠨ ᠴᠢᠩᠭᠠᠳᠬᠠᠵᠤ᠂ ᠨᠡᠩ ᠦᠨᠳᠦᠷ ᠪᠠᠷᠢᠮᠵᠢᠶ᠎ᠠ᠂ ᠨᠡᠩ ᠦᠨᠳᠦᠷ ᠶᠠᠰᠤ | ᠴᠢᠨᠠᠷ ᠲᠠᠢ ᠪᠠᠷ ᠴᠡᠷᠢᠭ ᠡᠯᠰᠡᠬᠦ ᠠᠵᠢᠯ ᠢ ᠪᠡᠶᠡᠯᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠡᠯ᠎ᠠ ᠱᠠᠳᠤᠨ ᠤ ᠬᠢᠨ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠵᠦᠪ ᠤᠨᠤᠴᠠᠳᠠᠢ ᠡᠯᠰᠡᠬᠦ ᠲᠤᠭᠳᠠᠴᠠ ᠶᠢ ᠪᠠᠶᠢᠭᠤᠯᠵᠤ᠂ | ᠶᠡᠭᠡ ᠳᠡᠭᠡᠳᠤ ᠰᠤᠷᠭᠠᠭᠤᠯᠢ ᠲᠡᠭᠦᠰᠦᠭᠰᠡᠳ ᠠᠴᠠ ᠴᠡᠷᠢᠭ ᠡᠯᠰᠡᠬᠦ ᠡᠷᠴᠢᠮ ᠢᠶᠠᠨ ᠴᠢᠩᠭᠠᠷᠠᠭᠤᠯᠵᠤ᠂ ᠬᠠᠷᠠᠭᠠᠯᠵᠠᠨ ᠲᠦᠪᠬᠢᠨᠡᠭᠦᠯᠬᠦ ᠲᠦᠷᠦ ᠶᠢᠨ ᠪᠤᠳᠤᠯᠭ᠎ᠠ ᠶᠢ | ᠰᠠᠶᠢᠳᠤᠷ ᠨᠠᠶᠢᠳᠠᠪᠤᠷᠢᠵᠢᠭᠤᠯᠵᠤ᠂ ᠴᠡᠷᠢᠭ ᠡᠯᠰᠡᠬᠦ ᠠᠵᠢᠯ ᠤᠨ ᠴᠢᠨᠠᠷ ᠴᠢᠨᠰᠠᠭ᠎ᠠ ᠦᠷ᠎ᠠ ᠪᠦᠲᠦᠮᠵᠢ ᠶᠢ ᠳᠡᠭᠡᠭᠰᠢᠯᠡᠭᠦᠯᠬᠦ ᠬᠡᠷᠡᠭᠳᠠᠢ︔ ᠠᠷᠢᠭᠤᠨ ᠴᠢᠭᠡᠴᠢ ᠪᠠᠷ ᠴᠡᠷᠢᠭ | ᠡᠯᠰᠡᠬᠦ ᠬᠤᠷᠢᠭ᠎ᠠ ᠱᠤᠭᠤᠮ ᠢ ᠪᠠᠳᠤ ᠡᠵᠡᠮᠳᠡᠵᠤ᠂ ᠰᠡᠷᠭᠡᠭ ᠭᠠᠵᠠᠷ ᠤᠷᠤᠨ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠴᠢᠬᠤᠯᠠ ᠭᠤᠭᠴᠤᠭ᠎ᠠ ᠳᠤ ᠪᠠᠶᠢᠴᠠᠭᠠᠯᠳᠠ | ᠬᠢᠨᠠᠯᠳᠠ ᠲᠠᠯᠪᠢᠬᠤ ᠪᠠᠨ ᠴᠢᠩᠭᠠᠳᠬᠠᠬᠤ ᠬᠡᠷᠡᠭᠳᠠᠢ︔ ᠴᠡᠷᠢᠭ ᠠᠩᠭᠢ ᠪᠤᠯᠤᠨ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠡᠷᠢᠭ ᠡᠯᠰᠡᠬᠦ ᠡᠯ᠎ᠠ ᠭᠤᠭᠴᠤᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ | ᠲᠡᠭᠦᠯᠳᠡᠷᠵᠢᠭᠦᠯᠵᠤ᠂ ᠴᠡᠷᠢᠭ ᠡᠯᠰᠡᠬᠦ ᠪᠦᠬᠦ ᠶᠠᠪᠤᠴᠠ ᠳᠤ ︽ᠡᠪᠡᠳᠴᠢᠨ ᠦᠯᠦ ᠬᠠᠯᠳᠠᠪᠤᠷᠢᠯᠠᠬᠤ᠂ ᠦᠯᠦ ᠲᠠᠷᠬᠠᠬᠤ︾ ᠶᠢ ᠪᠠᠳᠤᠯᠠᠬᠤ ᠬᠡᠷᠡᠭᠳᠠᠢ ᠭᠡᠵᠤ | ᠱᠠᠭᠠᠷᠳᠠᠵᠠᠢ᠃ | ᠬᠤᠷᠠᠯ ᠠᠴᠠ ᠡᠮᠦᠨ᠎ᠠ᠂ ᠬᠤᠷᠠᠯ ᠳᠤ ᠤᠷᠤᠯᠴᠠᠭᠰᠠᠳ ᠪᠦᠬᠦ ᠤᠯᠤᠰ ᠤᠨ ᠴᠡᠷᠢᠭ ᠡᠯᠰᠡᠬᠦ ᠠᠵᠢᠯ ᠤᠨ ᠲᠧᠯᠸᠢᠰ ᠤᠳᠠᠰᠤ ᠬᠤᠷᠠᠯ ᠢ ᠦᠵᠡᠵᠦ ᠰᠤᠨᠤᠰᠪᠠ᠃ |