1 ᠰᠠᠷ᠎ᠠ ᠶᠢᠨ 25 ᠤ ᠡᠳᠦᠷ᠂ ᠳᠤᠮᠳᠠᠳᠦ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠦᠷᠪᠡᠳᠦᠭᠡᠷ ᠬᠤᠷᠠᠯ ᠦᠪᠦᠷ ᠮᠤᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠦᠪᠡᠳᠡᠭᠰᠢ | ᠶᠡᠭᠡ ᠪᠠᠷ ᠡᠬᠢᠯᠡᠪᠡ᠃ | | | | | 1 ᠰᠠᠷ᠎ᠠ ᠶᠢᠨ 25 ᠤ ᠦᠳᠡ ᠶᠢᠨ ᠡᠮᠤᠨ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ | ᠬᠤᠷᠢᠶᠠᠨ ᠤ ᠳᠦᠷᠪᠡᠳᠦᠭᠡᠷ ᠬᠤᠷᠠᠯ ᠦᠪᠦᠷ ᠮᠤᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃ | | | | | | 1 ᠰᠠᠷ᠎ᠠ ᠶᠢᠨ 25 ᠤ ᠦᠳᠡ ᠶᠢᠨ ᠡᠮᠤᠨ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠯᠢ ᠰᠢᠥ ᠯᠢᠩ ᠤᠯᠤᠰ | ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ | ᠠᠵᠢᠯ ᠤᠨ ᠮᠡᠳᠡᠬᠦᠯᠦᠯᠲᠡ ᠬᠢᠪᠡ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠱᠢ ᠲᠠᠢ ᠹᠧᠩ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ | ᠯᠢᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ ᠵᠦᠪᠯᠡᠯ ᠤᠨ ᠳᠡᠳ᠋ ᠡᠷᠬᠢᠯᠡᠭᠴᠢ ᠷᠧᠨ ᠶᠠ ᠫᠢᠩ | ᠬᠤᠷᠠᠯ ᠳᠤ ᠤᠷᠤᠯᠴᠠᠵᠦ ᠪᠠᠶᠠᠷ ᠬᠦᠷᠭᠡᠪᠡ᠃ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠯᠢ ᠰᠢᠥ ᠯᠢᠩ ᠤᠯᠤᠰ ᠲᠦᠷᠦ ᠶᠢᠨ ᠵᠦᠪᠯᠡᠯᠬᠡᠨ ᠤ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠲᠡ ᠬᠢᠪᠡ᠃ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠸᠠᠩ ᠵᠦᠩ ᠡᠾᠧ ᠡᠬᠢᠯᠡᠯᠲᠡ ᠶᠢᠨ ᠶᠡᠭᠡ ᠬᠤᠷᠠᠯ ᠢ ᠡᠷᠬᠢᠯᠡᠵᠦ᠂ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠤᠳᠤᠷᠢᠳᠤᠯᠭ᠎ᠠ ᠯᠦᠸᠧ ᡁᠢ ᠬᠤ᠋᠂ ᠳ᠋ᠦᠩ ᠡᠾᠧᠩ ᠢᠥᠢ᠂ ᠵᠧᠩ ᠹᠦ᠋ ᠲᠢᠶᠠᠨ᠂ ᠯᠢᠥ ᠰᠢᠨ | ᠯᠧ᠂ ᠴᠠᠩ ᠵᠢᠶᠦ᠋ᠨ ᠵᠧᠩ᠂ ᠮᠠ ᠰᠢᠥᠸᠠᠢ ᠵᠢᠶᠦ᠋ᠨ᠂ ᠵᠠᠩ ᠬᠤᠸᠠ᠂ ᠴᠡᠴᠡᠭ᠂ ᠸᠧᠢ ᠬᠦᠸᠧ ᠨᠠᠨ᠂ ᠤᠯᠤᠰ ᠲᠦᠷᠦ ᠶᠢᠨ ᠵᠦᠪᠯᠡᠯᠬᠡᠨ ᠤ ᠨᠠᠷᠢᠨ ᠪᠢᠴᠢᠭ ᠤᠨ | ᠳᠠᠷᠤᠭ᠎ᠠ ᠳ᠋ᠢ ᠷᠦᠢ ᠮᠢᠩ ᠲᠡᠷᠢᠬᠦᠯᠡᠭᠴᠢᠳ ᠤᠨ ᠲᠠᠶᠢᠰᠠᠨ ᠤ ᠡᠮᠦᠨ᠎ᠡ ᠮᠦᠷ ᠲᠤ ᠰᠠᠭᠠᠲᠠᠪᠠ᠃ | ᠲᠡᠷᠢᠬᠦᠯᠡᠭᠴᠢᠳ ᠤᠨ ᠲᠠᠶᠢᠰᠠᠨ ᠳᠤ ᠰᠠᠭᠠᠲᠠᠬᠰᠠᠨ ᠤᠳᠤᠷᠢᠳᠬᠤ ᠨᠦᠬᠦᠳ ᠲᠤ᠄ ᠯᠢᠨ ᠱᠤᠤ ᠴᠦᠨ᠂ ᠸᠠᠩ ᠯᠢ ᠰᠢᠶᠠ᠂ ᠪᠠᠢ ᠢᠥᠢ ᠭᠠᠩ᠂ ᠮᠧᠩ ᠹᠠᠨ ᠯᠢ᠂ | ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠠᠩ ᠡᠸ᠋ᠨ ᠬᠤᠢ᠂ ᠮᠠ ᠴᠢᠩ ᠯᠸᠢ᠂ ᠶᠠᠩ ᠰᠢᠶᠤᠤ ᠺᠠᠩ᠂ ᠨᠠᠰᠤᠨᠮᠦ᠋ᠩᠭᠡ᠂ ᠸᠠᠩ ᠪᠦᠸᠧ᠂ ᠯᠢ | ᠷᠦᠩ ᠰᠢ᠂ ᠯᠢᠶᠠᠨ ᠰᠦ᠋᠂ ᠵᠠᠩ ᠶᠤᠸᠠᠨ ᠵᠦᠩ᠂ ᠡᠾᠧ ᠶᠠᠨ ᠯᠢᠩ᠂ ᠠᠢ ᠯᠢ ᠬᠤᠸᠠ᠂ ᠡᠸᠥ ᠶᠠᠩ ᠰᠢᠶᠤᠤ ᠬᠤᠢ᠂ ᠯᠢ ᠪᠢᠩ ᠷᠦᠩ᠂ ᠪᠤᠤ ᠭᠠᠩ᠂ ᠵᠧᠩ ᠬᠤᠩ | ᠹᠠᠨ᠂ ᠬᠤᠸᠠᠩ ᡁᠢ ᠴᠢᠶᠠᠩ᠂ ᠡᠾᠧᠩ ᠰᠢᠶᠤᠤ ᠹᠠᠨ᠂ ᠴᠢ᠊ ᠪᠠᠲᠦ᠂ ᠵᠠᠩ ᠶᠢᠩ ᠺᠦᠢ᠂ ᠶᠠᠩ ᠽᠦᠩ ᠷᠧᠨ᠂ ᠯᠢ ᠴᠢ ᠯᠢᠨ᠂ ᠴᠧᠨ ᠯᠦ ᠱᠧᠩ᠂ ᠰᠢᠶᠤᠤ ᠹᠠᠩ | ᠵᠢᠥᠢ ᠨᠠᠷ ᠪᠤᠢ᠃ | ᠯᠢ ᠰᠢᠥ ᠯᠢᠩ ᠮᠡᠳᠡᠬᠦᠯᠦᠯᠲᠡ ᠳᠡᠭᠡᠨ᠂ 2020 ᠣᠨ ᠪᠤᠯ ᠰᠢᠨ᠎ᠡ ᠳᠤᠮᠳᠠᠳᠦ ᠤᠯᠤᠰ ᠤᠨ ᠲᠡᠥᠬᠡᠨ ᠳᠤ᠂ ᠮᠦᠨ ᠴᠤ ᠦᠪᠦᠷ ᠮᠤᠩᠭᠤᠯ ᠤᠨ ᠲᠡᠥᠬᠡᠨ ᠳᠤ | ᠲᠦᠢᠯ ᠤᠨ ᠶᠡᠷᠦ ᠪᠤᠰᠤ ᠶᠢᠨ ᠨᠢᠭᠡ ᠵᠢᠯ ᠪᠤᠯᠬᠤ ᠶᠤᠮ᠃ ᠶᠡᠷᠦᠩᠬᠡᠢ ᠱᠦᠵᠢ ᠰᠢ ᠶᠢᠨ ᠫᠢᠩ ᠠᠶᠠᠯᠠᠯ ᠵᠠᠮᠴᠢᠯᠠᠨ ᠴᠢᠭᠯᠡᠯ ᠢ ᠡᠵᠡᠮᠳᠡᠵᠤ᠂ ᠪᠦᠬᠦ ᠤᠯᠤᠰ ᠤᠨ ᠠᠷᠠᠳ | ᠲᠦᠮᠡᠨ ᠢ ᠲᠠᠶᠢᠴᠢᠯᠠᠨ ᠤᠯᠠᠨ ᠠᠷᠪᠢᠨ ᠬᠦᠨᠳᠦ ᠨᠤᠴᠢᠲᠠᠢ ᠳᠠᠭᠠᠷᠢᠯᠲᠠ ᠶᠢ ᠠᠷᠭᠠᠴᠠᠭᠠᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ | ᠪᠠ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠤᠯᠬᠤ ᠠᠤᠭ᠎ᠠ ᠶᠡᠭᠡ ᠠᠬᠤᠢ ᠪᠠᠶᠢᠳᠠᠯ ᠪᠤᠯᠤᠨ ᠪᠦᠯᠬᠦᠮᠳᠡᠨ ᠲᠡᠮᠡᠴᠡᠬᠦ ᠠᠭᠤᠷ | ᠠᠮᠢᠰᠬᠤᠯ ᠳᠤᠮᠲᠠ᠂ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠡᠷᠡᠮᠡᠬᠡᠶᠢᠯᠡᠨ ᠤᠷᠤᠬᠰᠢᠯᠠᠬᠤ ᠠᠶᠠᠨ ᠵᠠᠮ ᠤᠨ ᠳᠤᠮᠳᠠ᠂ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ | ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ | ᠲᠤᠭᠤᠰᠢᠯᠠᠭᠤᠯᠵᠦ᠂ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠬᠤᠷᠠᠯ ᠤᠨ ᠵᠤᠷᠢᠭ | ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠦ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠰᠢᠨ᠎ᠠ ᠪᠠᠶᠢᠷᠢᠯᠠᠭᠤᠯᠤᠯᠲᠠ ᠰᠢᠨ᠎ᠡ ᠠᠷᠭ᠎ᠠ ᠠᠪᠴᠠᠯ ᠰᠢᠨ᠎ᠡ | ᠱᠠᠭᠠᠷᠳᠠᠯᠭ᠎ᠠ ᠶᠢ ᠴᠤᠤᠷᠢᠶᠠᠳᠤᠨ᠂ ᠨᠠᠮ ᠵᠠᠰᠠᠭ ᠤᠨ ᠭᠤᠤᠯ ᠠᠵᠢᠯ ᠳᠤ ᠠᠩᠬᠠᠷᠤᠯ ᠢᠶᠠᠨ ᠲᠦᠪᠯᠡᠷᠡᠬᠦᠯᠵᠦ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ | ᠨᠢᠬᠲᠠᠷᠠᠭᠤᠯᠬᠤ ᠶᠢ ᠬᠠᠷᠢᠯᠴᠠᠨ ᠨᠡᠪᠳᠡᠷᠡᠯᠴᠡᠬᠦᠯᠬᠦ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠤᠯᠤᠨ ᠬᠠᠮᠳᠦ ᠶᠢᠨ ᠲᠠᠨᠢᠯᠲᠠ ᠶᠢ ᠨᠢᠬᠲᠠᠷᠠᠭᠤᠯᠬᠤ ᠬᠤᠤᠰ | ᠴᠢᠭᠯᠡᠯ ᠢᠶᠠᠷ ᠬᠦᠴᠦᠯᠡᠬᠦ ᠶᠢ ᠪᠠᠷᠢᠮᠳᠠᠯᠠᠨ᠂ ᠶᠡᠭᠡ ᠲᠠᠯ᠎ᠠ ᠳᠤ ᠦᠢᠯᠡᠴᠢᠯᠡᠬᠦ ᠳᠤᠮᠲᠠ ᠦᠵᠡᠬᠦᠯᠪᠡᠰᠦ ᠵᠤᠬᠢᠬᠤ ᠦᠢᠯᠡᠳᠦᠯ ᠢᠶᠠᠨ ᠦᠵᠡᠬᠦᠯᠵᠦ᠂ ᠤᠯᠤᠰ ᠲᠦᠷᠦ ᠶᠢᠨ | ᠵᠦᠪᠯᠡᠯᠬᠡᠨ ᠤ ᠬᠦᠴᠦᠨ ᠴᠢᠳᠠᠯ ᠢᠶᠠᠨ ᠨᠡᠮᠡᠷᠢᠯᠡᠭᠰᠡᠨ ᠪᠠᠶᠢᠨ᠎ᠠ ᠭᠡᠵᠤ ᠵᠢᠭᠠᠵᠤ ᠭᠠᠷᠭᠠᠵᠠᠢ᠃ | ᠯᠢ ᠰᠢᠥ ᠯᠢᠩ 2020 ᠣᠨ ᠤ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠬᠤᠷᠢᠶᠠᠨ ᠤ ᠠᠵᠢᠯ ᠢ ᠵᠢᠷᠭᠤᠭᠠᠨ ᠲᠠᠯ᠎ᠠ ᠪᠠᠷ ᠳ᠋ᠦᠩᠨᠡᠪᠡ᠃ ᠨᠢᠭᠡ ᠳᠤ | ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠵᠦ᠂ | ᠪᠦᠯᠬᠦᠮᠳᠡᠨ ᠲᠡᠮᠡᠴᠡᠬᠦ ᠬᠠᠮᠳᠦ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠳᠤᠳᠬᠠᠪᠠ᠃ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ᠂ ᠡᠯ᠎ᠡ | ᠠᠷᠠᠳᠴᠢᠯᠠᠬᠰᠠᠨ ᠨᠠᠮ ᠪᠦᠯᠦᠭ ᠪᠦᠯᠬᠦᠮ ᠪᠤᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠦᠮᠦᠰ᠂ ᠤᠯᠤᠰ ᠲᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ | ᠺᠠᠳ᠋ᠷᠴᠤᠳ ᠢ ᠬᠦᠲᠦᠯᠦᠨ ᠵᠢᠯᠤᠭᠤᠳᠴᠦ ︽ᠳᠦᠷᠪᠡᠨ ᠤᠬᠠᠮᠰᠠᠷ︾ ᠢ ᠴᠢᠨᠠᠬᠰᠢᠲᠠ ᠴᠢᠩᠭᠠᠳᠬᠠᠨ ︽ᠲᠦᠷᠪᠡᠨ ᠢᠲᠡᠭᠡᠯ︾ ᠢ ᠪᠠᠲᠤᠳᠬᠠᠵᠤ ︽ᠬᠤᠶᠠᠷ ᠢ | ᠬᠠᠮᠠᠭᠠᠯᠠᠬᠤ︾ ᠶᠢ ᠪᠡᠶᠡᠯᠡᠬᠦᠯᠵᠡᠢ᠃ ᠬᠤᠶᠠᠷ ᠲᠤ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠲᠦᠷᠦ ᠶᠢᠨ ᠵᠦᠪᠯᠡᠯᠬᠡᠨ ᠤ | ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠲᠤᠬᠲᠠᠭᠤᠨ ᠤ ᠳᠤᠮᠲᠠ | ᠤᠷᠤᠬᠰᠢᠯᠠᠨ ᠲᠠᠪᠰᠢᠬᠤ᠂ ᠲᠦᠪ ᠶᠤᠰᠤ ᠶᠢ ᠪᠠᠷᠢᠮᠳᠠᠯᠠᠨ ᠰᠢᠨ᠎ᠡ ᠶᠢ ᠡᠬᠦᠳᠬᠦ ᠶᠢ ᠠᠬᠢᠭᠤᠯᠪᠠ᠃ ᠨᠠᠮ ᠤᠨ ᠤᠯᠤᠰ ᠲᠦᠷᠦ ᠶᠢᠨ ᠵᠦᠪᠯᠡᠯᠬᠡᠨ ᠤ ᠠᠵᠢᠯ ᠳᠠᠬᠢ ᠪᠦᠬᠦ | ᠲᠠᠯ᠎ᠠ ᠶᠢᠨ ᠤᠳᠤᠷᠢᠳᠤᠯᠭ᠎ᠠ ᠴᠢᠩᠭᠠᠷᠠᠵᠦ᠂ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠤᠷᠴᠢᠨ ᠨᠦᠬᠦᠴᠡᠯ ᠮᠡᠳᠡᠭᠳᠡᠮ᠎ᠡ ᠰᠠᠶᠢᠵᠢᠷᠠᠨ᠂ ᠠᠵᠢᠯ ᠤᠨ ᠴᠢᠨᠠᠷ | ᠴᠢᠨᠰᠠᠭ᠎ᠠ ᠪᠤᠯᠤᠨ ᠪᠤᠳᠠᠳᠦ ᠦᠷ᠎ᠡ ᠪᠦᠲᠦᠮᠵᠢ ᠢᠯᠡᠳᠲᠡ ᠳᠡᠭᠡᠭᠰᠢᠯᠡᠪᠠ᠃ ᠭᠤᠷᠪᠠ ᠳᠤ ᠨᠠᠮ ᠵᠠᠰᠠᠭ ᠤᠨ ᠭᠤᠤᠯ ᠠᠵᠢᠯ ᠤᠨ ᠲᠤᠭᠤᠷᠢᠨ ᠳᠤ ᠲᠦᠷᠦ ᠶᠢᠨ ᠶᠠᠪᠤᠳᠠᠯ ᠢ | ᠵᠦᠪᠯᠡᠨ ᠠᠷᠭ᠎ᠠ ᠤᠬᠠᠭᠠᠨ ᠳᠡᠪᠰᠢᠬᠦᠯᠵᠦ᠂ ᠴᠢᠨᠠᠷ ᠰᠠᠶᠢᠲᠠᠢ ᠬᠦᠭᠵᠢᠯᠲᠡ ᠪᠤᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠪᠠ᠃ ᠡᠯ᠎ᠡ ᠲᠦᠷᠦᠯ ᠤᠨ | ᠵᠦᠪᠯᠡᠯᠭᠡ ᠬᠢᠬᠦ ᠠᠵᠢᠯᠯᠠᠭ᠎ᠠ ᠶᠢ 10 ᠤᠳᠠᠭ᠎ᠠ ᠵᠤᠬᠢᠶᠠᠨ ᠪᠠᠶᠢᠭᠤᠯᠵᠦ᠂ ᠠᠵᠢᠯ ᠪᠠᠶᠢᠴᠠᠭᠠᠬᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠶᠢ 7 ᠤᠳᠠᠭ᠎ᠠ᠂ ᠡᠲᠡᠭᠡᠳ | ᠢᠯᠭᠠᠯ ᠤᠨ ᠠᠵᠢᠯᠯᠠᠭ᠎ᠠ ᠶᠢ 22 ᠤᠳᠠᠭ᠎ᠠ ᠦᠷᠨᠢᠬᠦᠯᠵᠦ᠂ 731 ᠬᠤᠪᠢ ᠰᠠᠨᠠᠯ ᠳᠤᠷᠠᠳᠤᠯᠭ᠎ᠠ ᠶᠢ ᠰᠢᠢᠳᠪᠤᠷᠢᠯᠡᠬᠦ ᠠᠬᠢᠴᠠ ᠶᠢ ᠲᠦᠷᠭᠡᠳᠭᠡᠨ᠂ ᠨᠡᠶᠢᠬᠡᠮ ᠤᠨ | ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠬᠢ ᠶᠢ 767 ᠬᠤᠪᠢ ᠮᠡᠳᠡᠬᠦᠯᠦᠨ ᠬᠦᠷᠭᠡᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠨᠢᠭᠡ ᠪᠦᠯᠦᠭ | ᠴᠢᠨᠠᠷᠯᠢᠭ ᠰᠠᠶᠢᠨ ᠦᠷ᠎ᠡ ᠪᠦᠲᠦᠭᠡᠯ ᠢ ᠪᠤᠢ ᠪᠤᠯᠭᠠᠵᠠᠢ᠃ ᠲᠦᠷᠪᠡ ᠳᠤ ᠬᠠᠮᠲᠦ ᠶᠢᠨ ᠲᠠᠨᠢᠯᠲᠠ ᠶᠢ ᠦᠷᠭᠡᠨ ᠢᠶᠠᠷ ᠨᠢᠬᠲᠠᠷᠠᠭᠤᠯᠤᠨ ᠬᠦᠴᠦᠨ ᠴᠢᠳᠠᠯ ᠢ | ᠬᠤᠷᠠᠮᠳᠤᠭᠤᠯᠵᠦ᠂ ᠦᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠲᠦᠮᠡᠯ ᠹᠷᠦᠨᠲ ᠢ ᠪᠠᠬᠢᠵᠢᠬᠦᠯᠦᠨ ᠬᠦᠭᠵᠢᠬᠦᠯᠪᠡ᠃ ᠬᠠᠮᠲᠦ ᠶᠢᠨ ᠲᠠᠨᠢᠯᠲᠠ ᠶᠢ ᠨᠢᠬᠲᠠᠷᠠᠭᠤᠯᠬᠤ | ᠰᠢᠨ᠎ᠡ ᠲᠡᠪᠴᠨᠩ ᠢ ᠪᠠᠶᠢᠭᠤᠯᠵᠦ᠂ ᠬᠠᠮᠲᠦ ᠶᠢᠨ ᠲᠠᠨᠢᠯᠲᠠ ᠶᠢ ᠨᠢᠬᠲᠠᠷᠠᠭᠤᠯᠬᠤ ᠠᠷᠭ᠎ᠠ ᠵᠠᠮ ᠢ ᠰᠢᠯᠤᠭᠤᠳᠬᠠᠨ᠂ ᠬᠠᠮᠳᠦ ᠶᠢᠨ ᠲᠠᠨᠢᠯᠲᠠ ᠶᠢ ᠨᠢᠬᠲᠠᠷᠠᠭᠤᠯᠬᠤ ᠶᠢ | ᠤᠯᠤᠰ ᠲᠦᠷᠦ ᠶᠢᠨ ᠵᠦᠪᠯᠡᠯᠬᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠡᠯ᠎ᠡ | ᠲᠠᠯ᠎ᠠ ᠳᠤ ᠲᠤᠭᠤᠰᠢᠯᠠᠭᠤᠯᠬᠤ ᠶᠢ ᠠᠬᠢᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠠᠵᠢᠯᠯᠠᠭ᠎ᠠ ᠶᠢᠨ ᠪᠦᠬᠦ ᠶᠠᠪᠤᠴᠠ ᠳᠤ ᠠᠭᠤᠰᠬᠠᠨ᠂ ᠨᠢᠭᠡᠲᠦᠮᠡᠯ | ᠹᠷᠦᠨᠲ ᠤᠨ ᠡᠯ᠎ᠡ ᠪᠦᠷᠢᠯᠳᠦᠬᠦᠨ ᠤ ᠤᠯᠤᠰ ᠲᠦᠷᠦ ᠶᠢᠨ ᠵᠦᠪᠯᠡᠯᠬᠡᠨ ᠳᠠᠬᠢ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠳᠤ ᠨᠦᠬᠦᠴᠡᠯ ᠡᠬᠦᠳᠴᠦ ᠦᠭᠬᠦᠨ᠂ | ᠤᠯᠤᠰ ᠢᠶᠠᠨ ᠬᠠᠶᠢᠷᠠᠯᠠᠬᠤ ᠦᠷᠭᠡᠨ ᠳᠡᠯᠭᠡᠷ ᠨᠢᠭᠡᠲᠦᠮᠡᠯ ᠹᠷᠦᠨᠲ ᠢ ᠪᠠᠬᠢᠵᠢᠬᠦᠯᠦᠨ ᠬᠦᠭᠵᠢᠬᠦᠯᠪᠡ᠃ ᠲᠠᠪᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠬᠦ ᠲᠡᠮᠡᠴᠡᠯ ᠳᠤ ᠢᠳᠡᠪᠬᠢᠯᠡᠨ ᠤᠷᠤᠯᠴᠠᠵᠦ᠂ ᠵᠠᠩᠬᠢᠯᠠᠭ᠎ᠠ ᠶᠢᠨ ᠴᠠᠭ ᠮᠦᠴᠡ ᠳᠤ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠪᠠ᠃ | ᠦᠷᠭᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ | ᠤᠬᠠᠮᠰᠠᠷ ᠠᠴᠠ ᠪᠠᠨ ᠳᠠᠭᠠᠵᠦ᠂ ᠲᠤᠰ ᠲᠤᠰ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠪᠡᠳᠴᠢᠲᠠᠨ ᠢ ᠠᠪᠤᠷᠠᠨ ᠵᠠᠰᠠᠬᠤ᠂ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠬᠦ᠂ ᠵᠤᠭᠤᠰ ᠮᠦᠩᠬᠦ ᠡᠳ᠋ ᠪᠤᠳᠠᠰ ᠬᠠᠨᠳᠢᠪᠯᠠᠬᠤ᠂ ᠦᠢᠯᠡᠳᠪᠦᠷᠢᠯᠡᠯ ᠪᠠ ᠠᠵᠢᠯ ᠤᠨ ᠪᠠᠶᠢᠷᠢ ᠶᠢ ᠲᠤᠬᠲᠠᠪᠤᠷᠢᠵᠢᠭᠤᠯᠬᠤ᠂ ᠬᠠᠩᠭᠠᠯᠭ᠎ᠠ | ᠬᠡᠷᠡᠭᠴᠡᠭᠡ ᠶᠢ ᠪᠠᠲᠤᠯᠠᠬᠤ᠂ ᠤᠷᠮ᠎ᠠ ᠰᠡᠳᠬᠢᠯᠭᠡ ᠶᠢ ᠨᠢ ᠲᠠᠶᠢᠪᠤᠰᠢᠷᠠᠭᠤᠯᠬᠤ᠂ ᠵᠦᠷᠢᠴᠡᠯ ᠢ ᠨᠠᠮᠳᠠᠭᠤᠯᠬᠤ ᠵᠡᠷᠭᠡ ᠠᠵᠢᠯ ᠳᠤ ᠢᠳᠡᠪᠬᠢᠯᠡᠨ ᠤᠷᠤᠯᠴᠠᠵᠦ᠂ ᠪᠤᠳᠠᠳᠤ | ᠦᠢᠯᠡ ᠠᠵᠢᠯᠯᠠᠭ᠎ᠠ ᠪᠠᠷ ᠢᠶᠠᠨ ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ ᠡᠬᠦᠷᠭᠡᠯᠡᠯ ᠢᠶᠠᠨ ᠢᠯᠡᠷᠡᠬᠦᠯᠵᠡᠢ᠃ ᠵᠢᠷᠭᠤᠭ᠎ᠠ ᠳᠤ ᠠᠷᠠᠳ ᠤᠨ ᠤᠯᠤᠰ ᠲᠦᠷᠦ ᠶᠢᠨ | ᠵᠦᠪᠯᠡᠯᠬᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠳᠤ ᠬᠦᠴᠦᠨ ᠪᠦᠬᠦᠢ ᠪᠠᠲᠤᠯᠠᠭ᠎ᠠ | ᠬᠠᠩᠭᠠᠵᠠᠢ ᠭᠡᠪᠡ᠃ | 2021 ᠣᠨ ᠤ ᠠᠵᠢᠯ ᠤᠨ ᠲᠤᠬᠠᠢ ᠯᠢ ᠰᠢᠥ ᠯᠢᠩ᠂ ᠨᠠᠮ ᠤᠨ ᠲᠦᠪ ᠬᠤᠷᠢᠶᠠᠨ ᠠᠴᠠ ᠳᠤᠷᠠᠳᠤᠬᠰᠠᠨ ᠶᠡᠷᠦᠩᠬᠡᠢ ᠱᠠᠭᠠᠷᠳᠠᠯᠭ᠎ᠠ᠂ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠤᠯ ᠪᠦᠬᠦ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠰᠢᠰᠲ᠋ᠧᠮ ᠤᠨ ᠬᠢᠨ ᠤ | ᠭᠤᠤᠯ ᠠᠵᠢᠯ ᠯᠤᠭ᠎ᠠ ᠪᠠᠨ ᠨᠢᠬᠲᠠ ᠤᠶᠠᠯᠳᠤᠭᠤᠯᠬᠤ ᠭᠤᠤᠯᠳᠠᠯᠭ᠎ᠠ ᠪᠤᠯᠬᠤ ᠪᠦᠭᠡᠳ ᠪᠦᠬᠦ ᠬᠦᠴᠦᠨ ᠢᠶᠠᠷ ᠦᠢᠯᠡᠴᠢᠯᠡᠬᠦ ᠶᠡᠭᠡ ᠲᠠᠯ᠎ᠠ ᠮᠦᠨ᠂ ᠡᠨᠡ ᠬᠦ ᠭᠤᠤᠯᠳᠠᠯᠭ᠎ᠠ | ᠪᠠ ᠶᠡᠭᠡ ᠲᠠᠯ᠎ᠠ ᠶᠢᠨ ᠬᠡᠷᠡᠭᠴᠡᠭᠡ ᠶᠢ ᠤᠯᠤᠰ ᠲᠦᠷᠦ ᠶᠢᠨ ᠵᠦᠪᠯᠡᠯᠬᠡᠨ ᠤ ᠴᠢᠳᠠᠪᠤᠷᠢ ᠯᠤᠭ᠎ᠠ ᠤᠷᠭᠠᠨᠢᠭ ᠢᠶᠠᠷ ᠤᠶᠠᠯᠳᠤᠭᠤᠯᠬᠤ ᠳᠤ ᠲᠦᠷᠪᠡᠨ ᠵᠦᠢᠯ ᠤᠨ ᠠᠵᠢᠯ ᠢ | ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ ᠨᠢᠭᠡ ᠳᠤ ᠳᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠭᠡᠯᠡᠬᠦ ᠪᠠᠷ | ᠠᠵᠠ ᠲᠤᠬᠢᠶᠠᠯ ᠪᠤᠯᠭᠠᠨ᠂ ᠦᠵᠡᠯ ᠰᠠᠨᠠᠭ᠎ᠠ ᠤᠯᠤᠰ ᠲᠦᠷᠦ ᠶᠢᠨ ᠬᠦᠲᠦᠯᠦᠨ ᠵᠢᠯᠤᠭᠤᠳᠤᠯᠭ᠎ᠠ ᠶᠢ ᠴᠢᠩᠭᠠᠳᠬᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ | ︽ᠳᠦᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠪᠦᠯᠬᠦᠮᠳᠡᠨ ᠲᠡᠮᠡᠴᠡᠬᠦ ᠬᠠᠮᠳᠦ ᠶᠢᠨ ᠦᠵᠡᠯ ᠰᠠᠨᠠᠭ᠎ᠠ ᠤᠯᠤᠰ | ᠲᠦᠷᠦ ᠶᠢᠨ ᠰᠠᠭᠤᠷᠢ ᠶᠢ ᠪᠠᠬᠢᠵᠢᠬᠦᠯᠤᠨ᠂ ᠳᠤᠮᠳᠠᠳᠦ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠳᠤᠤᠷᠠᠬᠢ ᠶᠡᠭᠡ ᠪᠦᠯᠬᠦᠮᠳᠡᠯ ᠶᠡᠭᠡ ᠬᠤᠯᠪᠤᠭᠠᠯᠠᠯ ᠢ | ᠲᠠᠰᠤᠷᠠᠯᠲᠠ ᠦᠬᠡᠢ ᠪᠠᠬᠢᠵᠢᠬᠦᠯᠵᠦ᠂ ᠨᠡᠶᠢᠬᠡᠮ ᠵᠢᠷᠦᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠦᠯᠦᠭᠡ ᠦᠷᠬᠦᠯᠵᠢᠯᠡᠨ | ᠲᠡᠮᠡᠴᠡᠬᠦ ᠬᠡᠷᠡᠭᠲᠡᠢ᠃ ᠬᠤᠶᠠᠷ ᠲᠤ ᠰᠢᠨ᠎ᠡ ᠱᠠᠲᠦ ᠦᠶ᠎ᠠ ᠰᠢᠨ᠎ᠡ ᠡᠬᠦᠷᠭᠡ ᠳᠤ ᠠᠩᠬᠠᠷᠤᠯ ᠢᠶᠠᠨ ᠲᠦᠪᠯᠡᠷᠡᠬᠦᠯᠵᠦ᠂ ᠬᠠᠮᠳᠦ ᠶᠢᠨ ᠲᠠᠨᠢᠯᠲᠠ ᠶᠢ ᠦᠷᠭᠡᠨ ᠢᠶᠠᠷ | ᠨᠢᠬᠲᠠᠷᠠᠭᠤᠯᠤᠨ᠂ ᠠᠷᠠᠳ ᠤᠨ ᠤᠯᠤᠰ ᠲᠦᠷᠦ ᠶᠢᠨ ᠵᠦᠪᠯᠡᠯᠬᠡᠨ ᠳᠤ ᠤᠷᠤᠯᠴᠠᠬᠤ ᠡᠯ᠎ᠡ ᠨᠠᠮ ᠪᠦᠯᠦᠭ ᠪᠦᠯᠬᠦᠮ ᠪᠤᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ | ᠬᠦᠮᠦᠰ ᠤᠨ ᠴᠢᠨᠠᠷ ᠰᠠᠶᠢᠲᠠᠢ ᠬᠦᠭᠵᠢᠯᠲᠡ ᠶᠢᠨ ᠲᠤᠬᠠᠢ ᠲᠤᠯᠭᠠᠮ ᠰᠡᠳᠬᠢᠯᠭᠡ ᠶᠢ ᠨᠡᠮᠡᠭᠳᠡᠬᠦᠯᠬᠦ ᠶᠢ ᠬᠦᠲᠦᠯᠦᠨ ᠵᠢᠯᠤᠭᠤᠳᠴᠦ᠂ ᠵᠠᠪᠠᠯ ᠢᠯᠠᠬᠤ ᠢᠲᠡᠭᠡᠯ ᠢᠶᠠᠨ | ᠪᠠᠲᠤᠳᠬᠠᠨ᠂ ᠨᠠᠮ ᠤᠨ ᠭᠤᠤᠯ ᠵᠤᠷᠢᠯᠲᠠ᠂ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠠᠮᠳᠦ ᠶᠢᠨ ᠲᠠᠨᠢᠯᠲᠠ ᠪᠠ ᠤᠬᠠᠮᠰᠠᠷᠲᠦ | ᠠᠵᠢᠯᠯᠠᠭ᠎ᠠ ᠪᠤᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ ᠠᠷᠠᠳ ᠤᠨ ᠤᠯᠤᠰ ᠲᠦᠷᠦ ᠶᠢᠨ ᠵᠦᠪᠯᠡᠯᠬᠡᠨ ᠲᠤᠰᠬᠠᠢ ᠵᠦᠪᠯᠡᠬᠦ ᠪᠠᠶᠢᠭᠤᠯᠤᠮᠵᠢ | ᠪᠤᠯᠤᠬᠰᠠᠨ ᠤ ᠬᠤᠪᠢ ᠳᠠᠬᠢ ᠡᠬᠦᠷᠭᠡ ᠴᠢᠳᠠᠪᠬᠢ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠭᠡᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ | ︽ᠨᠢᠬᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠤᠯᠤᠰ ᠲᠦᠷᠦ ᠶᠢᠨ ᠵᠦᠪᠯᠡᠯᠬᠡᠨ ᠤ ᠵᠤᠬᠢᠶᠠᠨ ᠪᠠᠶᠢᠭᠤᠯᠤᠯᠲᠠ | ᠪᠤᠯᠤᠨ ᠵᠦᠪᠯᠡᠬᠦ ᠲᠡᠪᠴᠡᠩ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ︽ᠠᠷᠪᠠᠨ ᠲᠦᠷᠪᠡᠳᠦᠭᠡᠷ ᠲᠠᠪᠤᠨ ᠵᠢᠯ︾ ᠢ ᠰᠠᠶᠢᠲᠤᠷ ᠡᠬᠢᠯᠡᠬᠦᠯᠬᠦ ᠳᠤ ᠬᠦᠴᠦᠨ | ᠨᠡᠮᠡᠷᠢᠯᠡᠬᠦ ᠬᠡᠷᠡᠭᠲᠡᠢ᠃ ᠲᠦᠷᠪᠡ ᠳᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠦ᠂ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠴᠢᠨᠠᠷ ᠴᠢᠨᠰᠠᠭ᠎ᠠ ᠪᠠ | ᠦᠷ᠎ᠠ ᠪᠦᠳᠦᠮᠵᠢ ᠶᠢ ᠳᠡᠬᠡᠭᠰᠢᠯᠡᠬᠦᠯᠬᠦ ᠶᠢ ᠦᠷᠬᠦᠯᠵᠢᠯᠡᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠴᠡᠴᠡᠭ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ | ᠪᠠᠶᠢᠳᠠᠯ ᠤᠨ ᠲᠤᠬᠠᠢ ᠮᠡᠳᠡᠬᠦᠯᠦᠯᠲᠡ ᠬᠢᠵᠡᠢ᠃ | ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠬᠠᠮᠢᠶ᠎ᠠ | ᠪᠦᠬᠦᠢ ᠲᠠᠯ᠎ᠠ ᠶᠢᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠰᠤᠯᠠ ᠤᠷᠤᠯᠴᠠᠵᠠᠢ᠃ | | |