ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ
ᠨᠡᠶᠢᠲᠡᠯᠡᠭᠰᠡᠨ ᠴᠠᠭ᠄
2021/1/27

     ᠪᠠᠶᠠᠷ ᠤᠨ ᠡᠳᠦᠷ ᠤᠨ ᠬᠤᠭᠤᠴᠠᠭᠠᠨ ᠳᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠤᠷ ᠲᠦᠪᠰᠢᠨ᠂ ᠡᠶ᠎ᠡ ᠨᠠᠶᠢᠷᠠᠮᠳᠠᠭᠤ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠵᠠᠷᠯᠠᠪᠠ᠃
     ᠨᠢᠭᠡ᠂ ᠥᠷᠭᠡᠨ ᠣᠯᠠᠨ ᠲᠦᠮᠡᠨ ᠠᠯᠢ ᠴᠢᠳᠠᠬᠤ ᠪᠠᠷ ᠲᠤᠬᠠᠶ ᠶᠢᠨ ᠭᠠᠵᠠᠷ ᠲᠤ ᠪᠠᠨ ᠰᠢᠨᠡᠯᠡᠵᠦ᠂ ᠣᠨᠴᠠᠭᠠᠢ ᠶᠠᠪᠤᠳᠠᠯ ᠦᠭᠡᠢ ᠪᠤᠯ ᠭᠠᠳᠠᠭᠰᠢ ᠭᠠᠷᠬᠤ ᠥᠬᠡᠶ᠂ ᠬᠢᠯᠢ ᠠᠴᠠ ᠭᠠᠷᠬᠤ ᠥᠬᠡᠶ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠳᠡᠰ ᠤᠨ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠥᠬᠡᠶ ᠪᠠᠶᠢᠬᠤ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠶᠯᠡᠰ ᠤᠨ ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠺᠠᠳ᠋ᠷᠴᠤᠳ ᠠᠵᠢᠯᠲᠠᠳ ᠠᠵᠢᠯᠴᠢᠳ ᠲᠦᠷᠦᠭᠦᠯᠡᠨ ᠲᠤᠬᠠᠶ ᠶᠢᠨ ᠭᠠᠵᠠᠷ ᠲᠤ ᠪᠠᠨ ᠰᠢᠨᠡᠯᠡᠨ᠂ ᠬᠥᠮᠦᠨ ᠬᠠᠷ᠎ᠠ ᠶᠢᠨ ᠶᠠᠪᠤᠯᠴᠠᠭ᠎ᠠ ᠠᠴᠠ ᠪᠣᠯᠵᠤ ᠬᠢᠵᠢᠭ ᠳᠡᠯᠭᠡᠷᠡᠬᠦ ᠠᠶᠤᠯ ᠲᠦᠭᠰᠢᠭᠦᠷᠢ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠦᠨᠡᠨ ᠬᠦ ᠭᠠᠳᠠᠭᠰᠢ ᠭᠠᠷᠬᠤ ᠶᠤᠮ ᠪᠤᠯ᠂ ᠪᠠᠶᠢᠭᠤᠯᠭ᠎ᠠ ᠨᠢᠭᠡᠴᠢ ᠳᠤ ᠪᠠᠨ ᠡᠷᠬᠡᠪᠰᠢ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠂ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠥᠪᠡᠷ ᠤᠨ ᠠᠵᠢᠯᠯᠠᠭᠠᠨ ᠤ ᠵᠠᠮ ᠮᠥᠷ ᠢᠶᠠᠨ ᠣᠨᠣᠪᠴᠢᠲᠠᠢ ᠰᠠᠶᠢᠲᠤᠷ ᠲᠡᠮᠳᠡᠭᠯᠡᠬᠦ ᠬᠡᠷᠡᠭᠲᠡᠢ᠃
     ᠬᠤᠶᠠᠷ᠂ ᠬᠢᠯᠢ ᠶᠢᠨ ᠭᠠᠳᠠᠨᠠᠬᠢ ᠪᠠ ᠤᠯᠤᠰ ᠤᠨ ᠳᠣᠲᠤᠭᠠᠳᠤ ᠶᠢᠨ ᠳᠤᠮᠳᠠ ᠦᠨᠳᠦᠷ ᠳᠡᠰ ᠤᠨ ᠠᠶᠤᠯ ᠲᠦᠭᠰᠢᠭᠦᠷᠢ ᠲᠠᠢ ᠭᠠᠵᠠᠷ ᠤᠨ ᠬᠦᠮᠦᠰ ᠣᠨᠴᠠ ᠴᠢᠬᠤᠯᠠ ᠦᠭᠡᠢ ᠪᠣᠯ ᠮᠠᠨ ᠤ ᠣᠷᠣᠨ ᠳᠤ ᠢᠷᠡᠬᠦ ᠪᠠᠨ ᠲᠦᠷ ᠬᠤᠶᠢᠰᠢᠯᠠᠭᠤᠯᠬᠤ ᠬᠡᠷᠡᠭᠲᠡᠢ᠃  ᠮᠠᠨ ᠤ ᠣᠷᠤᠨ ᠳᠤ ᠦᠨᠡᠨ ᠬᠦ ᠢᠷᠡᠬᠦ ︵ᠪᠤᠴᠠᠬᠤ︶ ᠴᠢᠬᠤᠯᠠᠲᠠᠶ ᠬᠢᠯᠢ ᠶᠢᠨ ᠭᠠᠳᠠᠨᠠᠬᠢ ᠬᠥᠮᠦᠰ ᠲᠤ ︽14 ᠬᠤᠨᠤᠭ ᠲᠥᠪᠯᠡᠷᠡᠭᠦᠯᠦᠨ ᠲᠤᠰᠠᠭᠠᠷᠯᠠᠬᠤ + 7 ᠬᠤᠨᠤᠭ ᠬᠡᠷ ᠲᠤ ᠨᠢ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ︵ᠲᠣᠰ ᠲᠣᠰ 1᠂ 14᠂ 21 ᠳ᠋ᠦ᠋ᠭᠡᠷ ᠬᠤᠨᠤᠭ ᠲᠤ ᠪᠠᠶᠢᠴᠠᠭᠠᠨ ᠬᠡᠮᠵᠢᠯᠲᠡ ᠬᠢᠬᠦ︶︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠤᠯᠤᠰ ᠤᠨ ᠳᠣᠲᠣᠭᠠᠳᠤ ᠶᠢᠨ ᠦᠨᠳᠦᠷ ᠳᠡᠰ ᠤᠨ ᠠᠶᠤᠯ ᠲᠦᠭᠰᠢᠭᠦᠷᠢ ᠲᠠᠢ ᠭᠠᠵᠠᠷ ᠣᠷᠣᠨ ᠪᠤᠶᠤ ᠣᠶᠢᠷ᠎ᠠ ᠶᠢᠨ 14 ᠬᠤᠨᠤᠭ ᠲᠤ ᠤᠯᠤᠰ ᠤᠨ ᠳᠣᠲᠣᠭᠠᠳᠤ ᠶᠢᠨ  ᠦᠨᠳᠦᠷ ᠳᠡᠰ ᠤᠨ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠬᠥᠮᠦᠰ ᠲᠤ ︽14 ᠬᠤᠨᠤᠭ ᠲᠥᠪᠯᠡᠷᠡᠭᠦᠯᠦᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠤᠯᠤᠰ ᠤᠨ ᠳᠣᠲᠣᠭᠠᠳᠤ ᠶᠢᠨ ᠳᠤᠮᠳᠠ ᠳᠡᠰ ᠤᠨ ᠠᠶᠤᠯ ᠲᠦᠭᠰᠢᠭᠦᠷᠢ ᠲᠠᠢ ᠭᠠᠵᠠᠷ ᠣᠷᠣᠨ ᠪᠤᠶᠤ ᠣᠶᠢᠷ᠎ᠠ ᠶᠢᠨ 14 ᠬᠤᠨᠤᠭ ᠲᠤ ᠤᠯᠤᠰ ᠤᠨ ᠳᠣᠲᠣᠭᠠᠳᠤ ᠶᠢᠨ ᠳᠤᠮᠳᠠ ᠳᠡᠰ ᠤᠨ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠬᠥᠮᠦᠰ ᠲᠤ ︽14 ᠬᠤᠨᠤᠭ ᠬᠡᠷ ᠲᠤ ᠨᠢ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃
     ᠭᠤᠷᠪᠠ᠂ ᠡᠯ᠎ᠡ ᠱᠠᠲᠤᠨ ᠤ ᠨᠠᠮ ᠵᠠᠰᠠᠭ ‍ᠤᠨ‌‍ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠶᠡᠭᠡ ᠬᠡᠪᠴᠢᠶᠡᠨ ᠤ ᠬᠤᠷᠠᠯᠳᠤᠭᠠᠨ ᠤ ᠠᠵᠢᠯᠯᠠᠭᠠᠨ ᠤ ᠬᠠᠮᠢᠶᠠᠷᠤᠯᠲᠠ ᠶᠢ ᠴᠢᠩᠳᠠᠯᠠᠵᠤ᠂ ᠵᠠᠷᠴᠢᠮ ᠳᠡᠭᠡᠷ᠎ᠡ ᠪᠠᠨ ᠶᠡᠭᠡ ᠬᠡᠪᠴᠢᠶᠡᠨ ᠤ ᠲᠥᠪᠯᠡᠷᠡᠯ ᠤᠨ ᠴᠢᠨᠠᠷᠲᠠᠶ ᠬᠤᠷᠠᠯᠳᠤᠭᠠᠨ ᠤ ᠠᠵᠢᠯᠯᠠᠭ᠎ᠠ ᠡᠷᠬᠢᠯᠡᠬᠦ ᠦᠭᠡᠶ ᠪᠠᠶᠢᠬᠤ ᠬᠡᠷᠡᠭᠲᠡᠶ᠂ ᠦᠨᠡᠨ ᠬᠦ ᠡᠷᠬᠢᠯᠡᠬᠦ ᠴᠢᠬᠤᠯᠠᠲᠠᠢ ᠪᠣᠯ ᠰᠦᠯᠵᠢᠶ᠎ᠡ᠂ ᠸᠢᠳᠢᠣ᠋᠂ ᠰᠦᠯᠵᠢᠶᠡᠨ ᠳᠡᠭᠡᠷᠡᠬᠢ ᠲᠠᠪᠴᠠᠩ ᠵᠡᠷᠭᠡ ᠬᠡᠯᠪᠡᠷᠢ ᠪᠠᠷ ᠡᠷᠬᠢᠯᠡᠬᠦ ᠶᠢ ᠰᠠᠨᠠᠭᠠᠴᠢᠯᠠᠨ᠎ᠠ᠂ 50 ᠬᠥᠮᠦᠨ ᠠᠴᠠ ᠳᠡᠭᠡᠭᠰᠢᠬᠢ ᠬᠤᠷᠠᠯ ᠤᠨ ᠠᠵᠢᠯᠯᠠᠭ᠎ᠠ ᠡᠷᠬᠢᠯᠡᠬᠦ ᠳᠤ᠂ ᠭᠤᠣᠯᠯᠠᠨ ᠡᠷᠭᠢᠯᠡᠬᠦ ᠲᠠᠯ᠎ᠠ ᠨᠢ ᠲᠤᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠢᠯᠤᠭᠤᠳᠤᠯᠭ᠎ᠠ ᠤᠨ ᠳᠠᠭᠠᠤ᠂ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠨᠢᠭᠡᠴᠢ ᠬᠠᠮᠲᠤ ᠶᠢᠨ ᠵᠣᠯᠭᠠᠯᠲᠠ ᠪᠠ ᠲᠣᠮᠣ ᠬᠡᠯᠪᠡᠷᠢ ᠶᠢᠨ ᠲᠣᠬᠤᠨᠢᠭᠤᠯᠬᠤ ᠠᠵᠢᠯᠯᠠᠭ᠎ᠠ᠂ ᠬᠠᠮᠲᠤᠷᠠᠭᠰᠠᠨ ᠨᠠᠶᠢᠷ᠂ ᠬᠠᠮᠲᠤ ᠶᠢᠨ ᠬᠤᠭᠤᠯᠠᠯᠠᠭ᠎ᠠ᠂ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠶᠢ ᠴᠥᠮ ᠡᠷᠬᠢᠯᠡᠵᠦ ᠪᠣᠯᠬᠤ ᠥᠬᠡᠶ᠃
     ᠳᠥᠷᠪᠡ᠂ ᠡᠯ᠎ᠡ ᠭᠠᠵᠠᠷ ᠰᠦᠮ᠎ᠡ ᠶᠢᠨ ᠬᠤᠷᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠣᠨ ᠤ ᠴᠤᠭᠯᠠᠭᠠᠨ ᠪᠤᠶᠤ ᠴᠤᠭᠯᠠᠭᠠᠨ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ ᠴᠥᠮ ᠡᠷᠬᠢᠯᠡᠵᠦ ᠪᠣᠯᠬᠤ ᠦᠭᠡᠢ᠂ ᠡᠯ᠎ᠡ ᠲᠥᠷᠥᠯ ᠤᠨ ᠰᠦᠯᠵᠢᠶᠡᠨ ᠭᠠᠳᠠᠨᠠᠬᠢ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠳᠡᠯᠭᠡᠨ ᠪᠣᠷᠣᠯᠠᠭᠤᠯᠬᠤ᠂ ᠤᠷᠮᠠᠰᠢᠭᠤᠯᠤᠨ ᠪᠣᠷᠤᠯᠠᠭᠤᠯᠬᠤ ᠵᠡᠷᠭᠡ ᠠᠵᠢᠯᠯᠠᠭ᠎ᠠ ᠨᠤᠭᠤᠳ ᠢ ᠡᠷᠬᠢᠯᠡᠵᠦ ᠪᠤᠯᠬᠤ ᠥᠬᠡᠶ᠃ ︽ᠪᠠᠶᠠᠷ ᠤᠨ ᠶᠠᠪᠤᠳᠠᠯ ᠢ ᠬᠤᠶᠢᠰᠢᠯᠠᠭᠤᠯᠤᠨ ᠪᠡᠯᠭᠡᠯᠡᠵᠦ᠂ ᠣᠷᠣᠰᠢᠭᠤᠯᠭ᠎ᠠ ᠶᠢᠨ ᠶᠠᠪᠤᠳᠠᠯ ᠢ ᠳᠦᠭᠦᠮᠴᠢᠯᠡᠬᠦ᠂ ᠳᠠᠶᠢᠯᠠᠯᠭ᠎ᠠ ᠦᠯᠦ ᠬᠢᠬᠦ︾᠎ ᠶᠢ ᠰᠠᠨᠠᠭᠠᠴᠢᠯᠠᠨ᠎ᠠ᠃
     ᠲᠠᠪᠤ᠂ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ ᠰᠠᠯᠭᠠᠨ ᠡᠮᠨᠡᠬᠦ ᠪᠠ ᠠᠩᠬ᠎ᠠ ᠡᠮᠨᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠵᠤ ᠪᠠᠶᠢᠭ᠎ᠠ ᠡᠪᠡᠳᠴᠢᠲᠡᠨ ᠪᠠ ᠡᠮᠨᠡᠯᠭᠡ ᠳᠤ ᠰᠠᠭᠤᠵᠤ ᠪᠠᠶᠢᠭ᠎ᠠ ᠡᠪᠡᠳᠴᠢᠲᠡᠨ ᠤ ᠬᠠᠮᠢᠶᠠᠷᠤᠯᠲᠠ ᠶᠢ ᠴᠢᠩᠭᠠᠳᠬᠠᠨ᠂ ᠪᠣᠯᠵᠣᠵᠤ ᠣᠨᠣᠰᠢᠯᠠᠨ ᠡᠮᠨᠡᠬᠦ᠂ ᠴᠠᠭ ᠬᠤᠪᠢᠶᠠᠷᠢᠯᠠᠨ ᠡᠮᠴᠢᠯᠡᠬᠦ᠂ ᠰᠦᠯᠵᠢᠶᠡᠨ ᠳᠡᠭᠡᠷ᠎ᠡ ᠯᠠᠪᠯᠠᠬᠤ ᠵᠡᠷᠭᠡ ᠡᠮᠨᠡᠯᠭᠡ ᠶᠢᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠨᠡᠯᠭᠡ ᠶᠢᠨ ᠭᠠᠵᠠᠷ ᠪᠣᠯᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠠᠭᠤᠷᠠᠵᠤ ᠪᠠᠶᠢᠭ᠎ᠠ ᠡᠪᠡᠳᠴᠢᠲᠡᠨ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠬᠡᠷᠪᠡ ᠰᠢᠯᠲᠠᠭᠠᠨ ᠨᠢ ᠲᠣᠳᠣᠷᠬᠠᠶ ᠥᠬᠡᠶ ᠬᠠᠯᠠᠭᠤᠷᠠᠵᠤ ᠪᠠᠶᠢᠭ᠎ᠠ ᠡᠪᠡᠳᠴᠢᠲᠡᠨ ᠢ ᠣᠯᠵᠤ ᠮᠡᠳᠡᠪᠡᠯ᠂ ᠳᠠᠷᠤᠶᠢᠬᠠᠨ ᠲᠤᠰᠠᠭᠠᠷᠯᠠᠬᠤ ᠶᠢᠨ ᠬᠠᠮᠲᠤ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠬᠠᠯᠠᠭᠤᠷᠠᠯ ᠤᠨ ᠡᠭᠦᠳᠡᠨ ᠡᠮᠨᠡᠯᠭᠡ ᠲᠠᠢ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠪᠠᠶᠢᠴᠠᠭᠠᠯᠭᠠᠬᠤ ᠬᠡᠷᠡᠭᠲᠡᠢ᠃
     ᠵᠢᠷᠭᠤᠭ᠎ᠠ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠳ ᠬᠠᠯᠠᠭᠤᠨ ᠢ ᠪᠠᠭᠤᠷᠠᠭᠤᠯᠬᠤ ᠡᠮ᠂ ᠬᠠᠨᠢᠶᠠᠳᠤ ᠶᠢ ᠵᠣᠭᠰᠣᠭᠠᠬᠤ ᠡᠮ᠂ ᠸᠢᠷᠦ᠋ᠰ ᠢ ᠳᠠᠷᠤᠬᠤ ᠡᠮ᠂ ᠪᠠᠺᠲ᠋ᠧᠷᠢ ᠳᠠᠷᠤᠬᠤ ᠡᠮ ᠵᠡᠷᠭᠡ ᠡᠮ ᠤᠨ ᠲᠦᠷᠦᠯ ᠤᠳ ᠢ ᠬᠤᠳᠠᠯᠳᠤᠨ ᠠᠪᠬᠤ ᠳᠤ ᠦᠨᠡᠨ ᠨᠡᠷ᠎ᠡ ᠪᠠᠷ ᠨᠢ ᠳᠠᠩᠰᠠᠯᠠᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠬᠡᠷᠪᠡ ᠬᠠᠯᠠᠭᠤᠷᠠᠵᠤ᠂ ᠬᠠᠨᠢᠶᠠᠵᠤ ᠪᠠᠶᠢᠭ᠎ᠠ ᠡᠪᠡᠳᠴᠢᠲᠡᠨ ᠪᠠᠶᠢᠬᠤ ᠶᠢ ᠣᠯᠵᠤ ᠮᠡᠳᠡᠪᠡᠯ 2 ᠴᠠᠭ ᠤᠨ ᠳᠣᠲᠣᠷ᠎ᠠ ᠲᠤᠬᠠᠶ ᠶᠢᠨ ᠭᠠᠵᠠᠷ ᠤᠨ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶᠎ ᠳᠤ ᠮᠡᠳᠡᠭᠦᠯᠬᠦ ᠬᠡᠷᠡᠭᠲᠡᠶ᠃
     ᠳᠣᠯᠤᠭ᠎ᠠ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ᠂ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠪᠠᠭᠰᠢ ᠰᠤᠷᠤᠭᠴᠢᠳ ᠲᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠬᠢᠬᠦ ᠶᠢ ᠴᠢᠩᠭᠠᠳᠬᠠᠵᠤ᠂ ᠪᠠᠭᠰᠢ ᠰᠤᠷᠤᠭᠴᠢᠳ ᠲᠤ ᠬᠤᠪᠢ ᠬᠥᠮᠦᠨ ᠵᠢᠴᠢ ᠬᠡᠷ ᠪᠦᠯᠢ ᠶᠢᠨ ᠬᠠᠮᠠᠭᠠᠯᠠᠯᠲᠠ ᠶᠢ ᠴᠢᠩᠭ᠎ᠠ ᠰᠠᠶᠢᠲᠤᠷ ᠬᠢᠬᠦ ᠶᠢ ᠴᠠᠭ ᠲᠤᠬᠠᠶ ᠳᠤ ᠨᠢ ᠰᠠᠨᠠᠭᠤᠯᠬᠤ ᠬᠡᠷᠡᠭᠲᠡᠶ᠃
     ᠨᠠᠶᠮᠠ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠺᠢᠨᠣ᠋ ᠵᠦᠴᠦᠭᠡ ᠶᠢᠨ ᠲᠢᠶᠠᠲᠷ᠂ ᠰᠦᠯᠵᠢᠶᠡᠨ ᠪᠠᠭᠠᠷ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠵᠡᠷᠭᠡ ᠨᠢ ᠬᠦᠮᠦᠰ ᠢ ᠬᠦᠯᠢᠶᠡᠨ ᠠᠪᠬᠤ ᠳᠤ ᠪᠠᠨ ᠬᠢᠨᠠᠨ ᠲᠣᠭᠲᠠᠭᠠᠭᠰᠠᠨ ᠬᠥᠮᠦᠨ ᠤ ᠲᠤᠭ᠎ᠠ ᠶᠢᠨ 75%᠎ ᠠᠴᠠ ᠬᠡᠲᠦᠷᠡᠭᠦᠯᠵᠦ ᠪᠣᠯᠬᠤ ᠥᠬᠡᠶ᠂ ᠤᠬᠢᠶᠠᠯᠭ᠎ᠠ ᠶᠢᠨ ᠥᠷᠥᠭᠡ᠂ ᠪᠡᠶ᠎ᠡ ᠤᠬᠢᠶᠠᠬᠤ ᠭᠠᠵᠠᠷ ᠵᠡᠷᠭᠡ ᠨᠢᠭᠲᠠ ᠪᠢᠲᠡᠭᠦᠮᠵᠢᠯᠡᠭᠰᠡᠨ ᠲᠠᠯᠠᠪᠤᠷ ᠤᠳ ᠬᠦᠮᠦᠰ ᠢ ᠬᠦᠯᠢᠶᠡᠨ ᠠᠪᠬᠤ ᠳᠤ ᠪᠠᠨ ᠣᠷᠤᠨ ᠲᠤᠭ᠎ᠠ ᠳᠦᠭᠦᠷᠬᠦ ᠬᠥᠮᠦᠨ ᠤ ᠲᠤᠭ᠎ᠠ ᠶᠢᠨ 50 %᠎ ᠠᠴᠠ ᠬᠡᠲᠦᠷᠡᠭᠦᠯᠵᠦ ᠪᠣᠯᠬᠤ ᠥᠬᠡᠶ᠃
     ᠶᠢᠰᠦ᠂ ᠬᠤᠳᠠᠯᠳᠤᠭᠠᠨ ᠤ ᠬᠡᠲᠦ ᠳᠡᠯᠭᠡᠭᠦᠷ᠂ ᠢᠳᠡᠭᠡᠨ ᠤᠮᠳᠠᠭᠠᠨ ᠵᠣᠴᠢᠳ ᠪᠠᠭᠤᠳᠠᠯ᠂ ᠲᠠᠷᠢᠶᠠᠯᠠᠩ ᠤᠨ ᠠᠷᠠᠯᠵᠢᠶ᠎ᠠ ︵ᠴᠤᠭᠯᠠᠭ᠎ᠠ ᠮᠠᠶᠢᠮᠠᠶ︶᠎ ᠶᠢᠨ ᠵᠠᠬ᠎ᠠ ᠳᠡᠯᠭᠡᠭᠦᠷ᠂ ᠰᠣᠶᠣᠯ ᠵᠤᠭ᠎ᠠ ᠴᠡᠩᠭᠡᠯ ᠵᠡᠷᠭᠡ ᠭᠤᠤᠯᠳᠠᠯᠭ᠎ᠠ ᠲᠠᠢ ᠲᠠᠯᠠᠪᠤᠷ ᠵᠢᠴᠢ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠭᠠᠵᠠᠷ ᠳᠣᠤᠷᠠᠬᠢ ᠲᠡᠮᠦᠷ ᠵᠠᠮ᠂ ᠮᠠᠰᠢᠨ ᠲᠡᠷᠭᠡᠨ ᠤ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠨᠢ ᠲᠦᠷ ᠵᠠᠭᠤᠷ᠎ᠠ ᠶᠢᠨ ᠬᠥᠮᠦᠰ ᠤᠨ ᠣᠷᠣᠵᠤ ᠭᠠᠷᠬᠤ ᠲᠤᠭ᠎ᠠ ᠬᠡᠮᠵᠢᠶ᠎ᠡ ᠶᠢ ᠡᠵᠡᠮᠳᠡᠬᠦ ᠪᠠᠨ ᠴᠢᠩᠭᠠᠳᠬᠠᠨ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠴᠡᠪᠡᠷᠯᠡᠬᠦ᠂ ᠲᠠᠯᠠᠪᠤᠷ ᠲᠤ ᠣᠷᠣᠬᠤ ᠬᠦᠮᠦᠰ ᠤᠨ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂ ︽ᠡᠷᠡᠭᠦᠯ ᠮᠡᠨᠳᠦ ᠶᠢᠨ ᠺᠣᠳ᠋︾᠎ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃
     ᠠᠷᠪᠠ᠂ ᠦᠷᠭᠡᠨ ᠣᠯᠠᠨ ᠲᠦᠮᠡᠨ ︽ᠠᠮᠠᠪᠴᠢ ᠵᠡᠭᠦᠬᠦ ︵ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠳᠤ ᠪᠠᠨ︶᠎ ᠶᠢ ᠪᠠᠷᠢᠮᠲᠠᠯᠠᠨ᠂ ᠭᠠᠷ ᠢᠶᠠᠨ ᠦᠷᠭᠦᠯᠵᠢ ᠣᠬᠢᠶᠠᠨ᠂ ᠦᠷᠭᠦᠯᠵᠢ ᠰᠠᠯᠬᠢ ᠨᠡᠪᠲᠡᠷᠡᠭᠦᠯᠦᠨ᠂ ᠴᠥᠭᠡᠨ ᠴᠤᠭᠯᠠᠷᠠᠬᠤ᠂ ᠨᠢᠭᠡ ᠮᠧᠲᠷ ᠤᠨ ᠵᠠᠶᠢᠲᠠᠢ ᠪᠠᠶᠢᠬᠤ᠂ ᠨᠡᠶᠢᠲᠡ ᠶᠢᠨ ᠰᠠᠪᠬ᠎ᠠ ᠬᠡᠷᠡᠭᠯᠡᠬᠦ᠂ ᠬᠤᠪᠢᠳᠠᠨ ᠬᠤᠭᠤᠯᠠᠯᠠᠬᠤ ᠳᠦᠷᠢᠮ︾ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠷᠢᠮᠲᠠᠯᠠᠬᠤ ᠬᠡᠷᠡᠭᠲᠡᠶ᠃ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠨ ᠦᠵᠡᠬᠦ ᠪᠠᠨ ᠴᠥᠬᠡᠳᠬᠡᠨ᠂ ᠪᠥᠭᠡᠮᠨᠡᠷᠡᠯᠳᠦᠬᠦ ᠦᠭᠡᠢ ᠪᠠᠶᠢᠬᠤ᠂ ᠬᠥᠮᠦᠨ ᠣᠯᠠᠨ ᠴᠤᠭᠯᠠᠷᠠᠬᠤ ᠲᠠᠯᠠᠪᠤᠷ ᠲᠤ ᠠᠯᠢ ᠴᠢᠳᠠᠬᠤ ᠪᠠᠷ ᠣᠴᠢᠬᠤ ᠦᠭᠡᠢ ᠪᠠᠶᠢᠬᠤ ᠬᠡᠷᠡᠭᠲᠡᠢ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠠᠮᠠᠪᠴᠢ ᠵᠡᠭᠦᠬᠦ ᠪᠠᠨ ᠪᠠᠷᠢᠮᠲᠠᠯᠠᠨ᠂ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤ ᠨᠢ ᠬᠦᠷᠴᠦ ᠪᠠᠶᠢᠴᠠᠭᠠᠯᠭᠠᠬᠤ ᠪᠠ ᠣᠨᠤᠰᠢᠯᠠᠨ ᠡᠮᠴᠢᠯᠡᠭᠦᠯᠬᠦ ᠬᠡᠷᠡᠭᠲᠡᠢ᠂ ᠡᠮᠨᠡᠭᠦᠯᠬᠦ ᠶᠠᠪᠤᠴᠠ ᠳᠤ ᠪᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠠᠯᠢ ᠴᠢᠳᠠᠬᠤ ᠪᠠᠷ ᠰᠠᠭᠤᠬᠤ ᠦᠭᠡᠢ ᠪᠠᠶᠢᠬᠤ ᠬᠡᠷᠡᠭᠲᠡᠶ᠃


                                                                             2021ᠣᠨ ᠤ 1 ᠳ᠋ᠦ᠋ᠭᠡᠷ ᠰᠠᠷ᠎ᠠ ᠶᠢᠨ 22᠎ ᠤ ᠡᠳᠦᠷ

                  ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ