ᠰᠢᠨ᠎ᠠ ᠴᠠᠬ ᠦᠶ᠎ᠠ ᠰᠢᠨ᠎ᠠ ᠡᠭᠦᠷᠭᠡ ᠬᠠᠷᠢᠭᠤᠴᠠᠯᠭ᠎ᠠ ᠤᠯᠭᠤᠵᠦ᠂ ᠰᠢᠨ᠎ᠠ ᠠᠶᠠᠨ ᠵᠠᠮ ᠰᠢᠨ᠎ᠠ ᠵᠢᠳᠭᠦᠯ ᠴᠢᠷᠮᠠᠶᠢᠯᠭ᠎ᠠ ᠶᠢ ᠤᠷᠢᠶᠠᠯᠠᠨ᠎ᠠ᠃ 1 ᠰᠠᠷ᠎ᠠ ᠶᠢᠨ | 26 ᠤ ᠦᠳᠡ ᠶᠢᠨ ᠡᠮᠦᠨ᠎ᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠷᠪᠡᠳᠦᠭᠡᠷ ᠬᠤᠷᠠᠯ ᠦᠪᠤᠷ ᠮᠤᠩᠭᠤᠯ ᠤᠨ ᠠᠷᠠᠳ ᠤᠨ ᠬᠤᠷᠠᠯ ᠤᠨ ᠲᠠᠩᠭᠢᠮ ᠳᠤ ᠦᠪᠡᠳᠡᠭᠰᠢ ᠶᠡᠭᠡ ᠪᠠᠷ ᠡᠬᠢᠯᠡᠪᠡ᠃ ᠪᠦᠭᠦ ᠤᠷᠤᠨ ᠤ ᠡᠯ᠎ᠠ | ᠠᠵᠢᠯ ᠲᠦᠷᠦᠯ᠂ ᠡᠯ᠎ᠠ ᠹᠷᠤᠨᠲ ᠠᠴᠠ ᠢᠷᠡᠭᠰᠡᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠪᠦᠭᠦ ᠤᠷᠤᠨ ᠤ ᠦᠨᠳᠦᠰᠦᠳᠡᠨ ᠨᠦᠭᠦᠳ ᠤᠨ | ᠠᠷᠠᠳ ᠲᠦᠮᠡᠨ ᠤ ᠬᠦᠨᠳᠤ ᠨᠠᠶᠢᠳᠠᠯᠭ᠎ᠠ ᠶᠢ ᠡᠭᠦᠷᠭᠡᠯᠡᠨ ᠦᠪᠡᠳᠡᠭᠰᠢ ᠬᠤᠷᠠᠯ ᠳᠤ ᠤᠷᠤᠯᠴᠠᠵᠦ᠂ ᠦᠪᠤᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠠ ᠶᠢᠨ ᠰᠠᠶᠢᠨ | ᠰᠠᠶᠢᠬᠠᠨ ᠠᠤᠭ᠎ᠠ ᠵᠢᠷᠤᠭ ᠢ ᠬᠠᠮᠳᠤ ᠪᠠᠷ ᠵᠢᠷᠤᠬᠯᠠᠨ᠎ᠠ᠃ | ᠡᠨᠡ ᠡᠳᠦᠷ᠂ ᠦᠪᠤᠷ ᠮᠤᠩᠭᠤᠯ ᠤᠨ ᠠᠷᠠᠳ ᠤᠨ ᠬᠤᠷᠠᠯ ᠤᠨ ᠲᠠᠩᠭᠢᠮ ᠳᠤ ᠡᠯᠭᠦᠭᠳᠡᠭᠰᠡᠨ ᠤᠯᠤᠰ ᠤᠨ ᠰᠦᠯᠳᠡ ᠲᠦᠪ ᠶᠡᠭᠡᠮᠰᠦᠭ᠂ ᠲᠠᠩᠭᠢᠮ ᠤᠨ ᠲᠤᠳᠤᠷ᠎ᠠ | ᠳ᠋ᠸᠡᠭ ᠤᠨ ᠬᠡᠷᠡᠯ ᠲᠤᠸᠠᠯᠠᠨ᠂ ᠠᠷᠪᠠᠨ ᠭᠠᠯ ᠤᠯᠠᠭᠠᠨ ᠲᠤᠭ ᠲᠡᠷᠢᠭᠦᠯᠡᠭᠴᠢᠳ ᠤᠨ ᠲᠠᠶᠢᠰᠠᠨ ᠤ ᠬᠤᠶᠠᠷ ᠲᠠᠯ᠎ᠠ ᠳᠤ ᠵᠢᠬᠰᠠᠭᠠᠬᠳᠠᠵᠦ᠂ ᠬᠤᠶᠠᠳᠤᠭᠠᠷ ᠲᠠᠪᠬᠤᠷᠯᠢᠭ ᠤᠨ | ᠪᠠᠷᠠᠯᠠᠬᠤ ᠲᠠᠶᠢᠰᠠᠨ ᠳᠡᠭᠡᠷ᠎ᠡ ︽ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠦ᠂ ᠨᠡᠶᠢᠭᠡᠮ ᠵᠢᠷᠤᠮᠳᠤ ᠤᠳᠤᠭᠢᠴᠢᠯᠠᠬᠰᠠᠨ ᠤᠯᠤᠰ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠬᠤ ᠰᠢᠨ᠎ᠠ ᠠᠶᠠᠨ ᠵᠠᠮ ᠳᠤ ᠦᠪᠤᠷ | ᠮᠤᠩᠭᠤᠯ ᠤᠨ ᠬᠦᠭᠵᠢᠯᠳᠠ ᠶᠢᠨ ᠰᠢᠨ᠎ᠠ ᠬᠠᠭᠤᠳᠠᠰᠦ ᠶᠢ ᠪᠢᠴᠢᠭᠯᠡᠶ᠎ᠠ︾ ᠭᠡᠭᠦ ᠬᠦᠨᠳᠡᠯᠡᠨ ᠪᠢᠴᠢᠭᠡᠰᠦ ᠡᠯᠭᠦᠭᠳᠡᠵᠦ᠂ ᠬᠤᠷᠠᠯ ᠤᠨ ᠲᠠᠯᠠᠪᠠᠢ ᠦᠪᠡᠳᠡᠭᠰᠢ ᠶᠡᠭᠡ | ᠮᠦᠷᠳᠡᠭᠡᠨ ᠬᠦᠷ ᠬᠦᠭᠵᠢᠶᠠᠨ ᠢᠶᠠᠷ ᠪᠢᠯᠬᠠᠨ᠎ᠠ᠃ | | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠦ ᠲᠡᠷᠢᠭᠦᠯᠡᠭᠴᠢ ᠱᠢ ᠲᠠᠢ ᠹᠸᠡᠭ ᠬᠤᠷᠠᠯ ᠢ ᠡᠷᠬᠢᠯᠡᠵᠠᠢ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠦ ᠲᠡᠷᠢᠭᠦᠯᠡᠭᠴᠢ ᠨᠠᠰᠤᠨᠮᠦ᠋ᠡᠭᠭᠡ᠂ ᠸᠠᠩ ᠪᠦᠸᠧ᠂ ᠯᠢ ᠷᠦᠡᠭ ᠰᠢ᠂ | ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠱᠢ ᠸᠧᠨ ᠰᠢᠤᠸᠠᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠠ ᠮᠦᠷ ᠲᠤ ᠰᠠᠭᠠᠳᠠᠪᠠ᠃ | | | ᠪᠦ᠋ ᠰᠢᠶᠤᠤ ᠯᠢᠨ᠂ ᠯᠢ ᠰᠢᠤ ᠯᠢᠩ᠂ ᠯᠢᠨ ᠱᠤᠤ ᠴᠦᠨ᠂ ᠸᠠᠩ ᠯᠢ ᠰᠢᠶᠠ᠂ ᠯᠢᠤ ᠴᠢ ᠹᠠᠨ᠂ ᠪᠠᠢ ᠢᠤᠢ ᠭᠠᠨᠭ᠌᠂ ᠮᠸᠡᠭ ᠹᠠᠨ ᠯᠢ᠂ ᠶᠠᠩ ᠸᠧᠢ ᠳ᠋ᠦᠩ᠂ | ᠵᠠᠩ ᠱᠤᠤ ᠴᠦᠨ᠂ ᠳ᠋ᠤᠸᠠᠨ ᡁᠢ ᠴᠢᠶᠠᠩ᠂ ᠵᠠᠩ ᠡᠸ᠋ᠨ ᠬᠤᠢ᠂ ᠮᠠ ᠴᠢᠩ ᠯᠸᠢ᠂ ᠶᠠᠩ ᠰᠢᠶᠤᠤ ᠺᠠᠨᠭ᠌᠂ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠡᠭ | ᠷᠦᠡᠭ᠂ ᠪᠤᠤ ᠭᠠᠨᠭ᠌᠂ ᠵᠸᠡᠭ ᠬᠤᠨᠭ᠌ ᠹᠠᠨ᠂ ᠬᠤᠸᠠᠩ ᡁᠢ ᠴᠢᠶᠠᠩ᠂ ᠾᠸᠡᠭ ᠰᠢᠶᠤᠤ ᠹᠠᠨ᠂ ᠴᠢ᠊ ᠪᠠᠳᠤ᠂ ᠸᠠᠩ ᠵᠦᠡᠭ ᠾᠧ᠂ ᠯᠦᠸᠧ ᡁᠢ ᠬᠤ᠋᠂ ᠳ᠋ᠦᠡᠭ ᠾᠸᠡᠭ | ᠢᠤᠢ᠂ ᠵᠸᠡᠭ ᠹᠦ᠋ ᠲᠢᠶᠠᠨ᠂ ᠯᠢᠤ ᠰᠢᠨ ᠯᠧ᠂ ᠴᠠᠩ ᠵᠢᠶᠦ᠋ᠨ ᠵᠸᠡᠭ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠢ ᠭᠦᠸᠧ ᠨᠠᠨ᠂ ᠵᠠᠩ ᠶᠢᠩ ᠺᠦᠢ᠂ | ᠯᠢ ᠱᠤᠤ ᠵᠢᠶᠦ᠋ᠨ᠂ ᠸᠠᠩ ᠰᠢᠤᠸᠠᠢ ᠡᠤ᠂ ᠶᠠᠩ ᠽᠦᠡᠭ ᠷᠧᠨ᠂ ᠯᠢ ᠴᠢ ᠯᠢᠨ᠂ ᠰᠢᠶᠤᠤ ᠹᠠᠨᠭ᠌ ᠵᠢᠤᠢ ᠵᠡᠷᠭᠡ ᠤᠳᠤᠷᠢᠳᠤᠯᠭ᠎ᠠ ᠪᠤᠯᠤᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠪᠦᠷᠢᠯᠳᠤᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠳᠤ | ᠤᠷᠤᠯᠴᠠᠬᠤ ᠶᠤᠰᠤᠳᠠᠢ ᠲᠦᠯᠦᠭᠡᠯᠡᠭᠴᠢ 520 ᠬᠦᠮᠦᠨ ᠪᠤᠢ᠂ ᠡᠨᠡ ᠤᠳᠠᠭ᠎ᠠ ᠶᠢᠨ ᠪᠦᠭᠦᠳᠡ ᠬᠤᠷᠠᠯ ᠳᠤ 495 ᠲᠦᠯᠦᠭᠡᠯᠡᠭᠴᠢ ᠤᠷᠤᠯᠴᠠᠵᠦ᠂ ᠬᠠᠤᠯᠢ ᠳᠤ | ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ | ᠦᠳᠡ ᠶᠢᠨ ᠡᠮᠦᠨᠡᠭᠢ 9 ᠴᠠᠬ ᠲᠤ᠂ ᠱᠢ ᠲᠠᠢ ᠹᠸᠡᠭ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠡᠬᠢᠯᠡᠭᠰᠡᠨ ᠢ ᠲᠤᠩᠬᠠᠬᠯᠠᠪᠠ᠃ ᠲᠠᠯᠠᠪᠠᠢ ᠲᠠᠶᠠᠭᠠᠷ ᠢᠶᠠᠨ ᠪᠤᠰᠴᠤ ᠵᠤᠬᠰᠤᠨ᠂ | ᠤᠯᠤᠰ ᠤᠨ ᠰᠦᠯᠳᠡ ᠲᠠᠭᠤᠤ ᠶᠢ ᠲᠠᠭᠤᠯᠠᠵᠠᠭᠠᠪᠠ᠃ | ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠢ ᠲᠦᠯᠦᠭᠡᠯᠡᠵᠦ ᠶᠡᠭᠡ | ᠬᠤᠷᠠᠯ ᠳᠤ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠬᠢᠵᠠᠢ᠃ ᠢᠯᠡᠳᠭᠡᠯ ᠨᠢ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠦ | ᠠᠬᠤᠢ ᠨᠡᠶᠢᠭᠡᠮ ᠤᠨ ᠬᠦᠭᠵᠢᠯᠳᠠ ᠶᠢᠨ ᠡᠷᠬᠢᠴᠡᠭᠦᠯᠦᠯ︔ ︽ᠠᠷᠪᠠᠨ ᠲᠦᠷᠪᠡᠳᠦᠭᠡᠷ ᠲᠠᠪᠤᠨ ᠵᠢᠯ︾ ᠤᠨ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠭᠤᠤᠯ | ᠬᠠᠷᠠᠯᠳᠠ ᠡᠭᠦᠷᠭᠡ︔ 2021 ᠣᠨ ᠤ ᠠᠵᠢᠯ ᠤᠨ ᠲᠤᠬᠢᠷᠠᠭᠤᠯᠣᠯᠳᠠ︔ ᠵᠠᠰᠠᠬ ᠤᠨ ᠤᠷᠳᠤᠨ ᠤ ᠳᠣᠰ ᠪᠡᠶ᠎ᠠ ᠶᠢᠨ ᠪᠠᠶᠢᠭᠤᠯᠤᠯᠳᠠ ᠶᠢ ᠴᠢᠩᠭᠠᠳᠬᠠᠨ᠎ᠠ ᠵᠡᠷᠭᠡ | ᠲᠦᠷᠪᠡᠨ ᠭᠡᠰᠡᠭ ᠢᠶᠠᠷ ᠪᠦᠷᠢᠯᠳᠤᠵᠠᠢ᠃ | ᠪᠦ᠋ ᠰᠢᠶᠤᠤ ᠯᠢᠨ᠂ 2020 ᠣᠨ ᠪᠤᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠤᠯᠤᠨ᠎ᠠ᠃ ᠤᠯᠤᠰ ᠤᠨ ᠲᠤᠳᠤᠭᠠᠳᠤ ᠭᠠᠳᠠᠭᠠᠳᠤ ᠶᠢᠨ ᠲᠦᠢᠯ ᠤᠨ | ᠲᠦᠪᠡᠭ ᠪᠤᠳᠤᠯᠢᠶᠠᠨᠳᠠᠢ ᠪᠠᠶᠢᠳᠠᠯ᠂ ᠤᠨᠴᠠᠭᠠᠢᠢᠯᠠᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠬᠦᠨᠳᠤ ᠨᠤᠴᠢᠳᠠᠢ ᠳᠠᠭᠠᠷᠢᠯᠳᠠ ᠶᠢᠨ | ᠡᠮᠦᠨ᠎ᠡ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠢᠳᠡ ᠰᠢ ᠶᠢᠨ ᠫᠢᠡᠭ ᠤᠨ | ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠣᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠬᠦᠯᠬᠦ ᠬᠠᠷᠠᠯᠳᠠ ᠡᠭᠦᠷᠭᠡ ᠶᠢᠨ ᠳᠣᠭᠤᠷᠢᠨ ᠳᠤ᠂ ᠲᠤᠬᠳᠠᠭᠤᠨ ᠤ ᠲᠤᠮᠳᠡ | ᠤᠷᠤᠬᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠭᠦ ᠪᠠ ᠠᠵᠦ ᠠᠬᠤᠢ ᠨᠡᠶᠢᠭᠡᠮ ᠤᠨ ᠬᠦᠭᠵᠢᠯᠳᠠ ᠶᠢ ᠰᠢᠨᠵᠢᠯᠡᠭᠦ ᠤᠬᠠᠭᠠᠨᠴᠢ ᠪᠠᠷ ᠨᠢᠭᠡᠳᠦᠯᠳᠡᠢ ᠲᠦᠯᠦᠪᠵᠢᠭᠦᠯᠵᠦ᠂ ︽ᠵᠢᠷᠭᠤᠭ᠎ᠠ ᠶᠢ | ᠲᠤᠬᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ | ᠪᠥᠬᠦ ᠣᠷᠣᠨ ᠤ ᠠᠵᠤ ᠠᠬᠤᠢ ᠦᠷᠭᠦᠯᠵᠢᠯᠡᠨ ᠲᠣᠭᠲᠠᠪᠤᠷᠢᠵᠢᠨ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠲᠠ ᠲᠠᠢ ᠪᠡᠶᠡᠯᠡᠭᠦᠯᠪᠡ ᠭᠡᠵᠠᠢ᠃ | ᠪᠦ᠋ ᠰᠢᠶᠤᠤ ᠯᠢᠨ ᠦᠡᠭᠭᠡᠷᠡᠭᠰᠡᠨ ᠨᠢᠭᠡ ᠵᠢᠯ ᠤᠨ ᠠᠵᠢᠯ ᠢᠶᠠᠨ ᠨᠠᠢᠮᠠᠨ ᠲᠠᠯ᠎ᠠ ᠪᠠᠷ ᠳ᠋ᠦᠡᠭᠨᠡᠪᠡ᠄ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ | ᠲᠡᠮᠡᠴᠡᠬᠦ ᠠᠵᠢᠯ ᠴᠢᠬᠤᠯᠠ ᠶᠡᠭᠡ ᠦᠷ᠎ᠠ ᠪᠦᠲᠦᠭᠡᠯ ᠤᠯᠪᠠ︔ ᠨᠡᠮᠡᠭᠳᠡᠯ ᠢ ᠲᠤᠬᠳᠠᠪᠤᠷᠢᠵᠢᠭᠤᠯᠵᠦ ᠠᠵᠢᠯ ᠤᠯᠭᠤᠯᠳᠠ ᠶᠢ ᠪᠠᠳᠤᠯᠠᠬᠤ ᠠᠵᠢᠯ ᠢᠳᠡᠪᠭᠢᠳᠡᠢ ᠦᠷ᠎ᠠ | ᠪᠦᠲᠦᠮᠵᠢ ᠤᠯᠪᠠ︔ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠵᠦ ᠲᠡᠰ ᠲᠡᠪᠰᠢᠭᠦᠯᠭᠦ ᠳᠠᠯ᠎ᠠ ᠪᠠᠷ ᠰᠢᠨ᠎ᠠ ᠠᠯᠬᠤᠮ ᠠᠯᠬᠤᠪᠠ︔ ᠭᠤᠷᠪᠠᠨ ᠶᠡᠭᠡ ᠪᠣᠭᠤᠮᠳᠠ | ᠰᠢᠪᠳᠤᠯᠬᠤ ᠲᠠᠶᠢᠯᠠᠯᠳᠤᠭᠠᠨ ᠳᠤ ᠰᠢᠢᠳᠪᠤᠷᠢᠯᠡᠭᠴᠢ ᠴᠢᠨᠠᠷᠳᠠᠢ ᠦᠷ᠎ᠠ ᠪᠦᠲᠦᠮᠵᠢ ᠤᠯᠪᠠ︔ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠬᠦᠨᠵᠡᠭᠡᠢ ᠠᠬᠢᠭᠤᠯᠪᠠ︔ ᠠᠮᠢ ᠠᠬᠤᠢ ᠤᠷᠴᠢᠨ ᠲᠤᠭᠤᠷᠢᠨ ᠦᠷᠭᠦᠯᠵᠢᠯᠠᠨ ᠰᠠᠶᠢᠵᠢᠷᠠᠪᠠ︔ ᠦᠭᠡᠷᠡᠴᠢᠯᠡᠯᠳᠡ ᠨᠡᠭᠡᠭᠡᠯᠳᠡ ᠤᠯᠠᠮ ᠨᠢᠭᠡ ᠠᠯᠬᠤᠮ | ᠬᠦᠨᠵᠡᠭᠡᠶᠢᠷᠡᠪᠠ︔ ᠠᠷᠠᠳ ᠤᠨ ᠠᠮᠢᠳᠤᠷᠠᠯ ᠬᠦᠴᠤᠨ ᠪᠦᠭᠦᠢ ᠪᠠᠳᠤᠯᠠᠭ᠎ᠠ ᠲᠠᠢ ᠪᠤᠯᠪᠠ᠃ ᠪᠦ᠋ ᠰᠢᠶᠤᠤ ᠯᠢᠨ ᠪᠠᠰᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠭᠤᠤᠯ ᠠᠮᠵᠢᠯᠳᠠ ᠪᠦᠳᠦᠮᠵᠢ ᠶᠢ ᠳ᠋ᠦᠩᠨᠡᠵᠡᠢ᠄ ᠠᠵᠦ ᠠᠬᠤᠢ ᠶᠢᠨ ᠬᠦᠭᠵᠢᠯᠳᠠ ᠶᠢᠨ ᠴᠢᠨᠠᠷ ᠴᠢᠨᠰᠠᠭ᠎ᠠ | ᠲᠤᠬᠳᠠᠭᠤᠨ ᠢᠶᠠᠷ ᠲᠡᠭᠡᠭᠰᠢᠯᠡᠪᠡ︔ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠯ᠎ᠠ ᠪᠠᠷ ᠲᠡᠤᠭᠡᠳᠤ ᠴᠢᠨᠠᠷᠳᠠᠢ ᠠᠮᠵᠢᠯᠳᠠ ᠪᠦᠲᠦᠮᠵᠢ ᠤᠯᠪᠠ︔ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠦᠳᠦᠭᠡᠨ ᠪᠠᠶᠢᠭᠤᠯᠤᠯᠳᠠ ᠶᠢᠨ ᠦᠷ᠎ᠠ ᠪᠦᠳᠤᠮᠵᠢ ᠢᠯᠡᠷᠭᠡᠢ︔ ᠰᠠᠭᠤᠷᠢ ᠲᠦᠭᠦᠭᠡᠷᠦᠮᠵᠢ ᠶᠢᠨ ᠪᠠᠳᠤᠯᠠᠭ᠎ᠠ ᠶᠢᠨ | ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ︔ ᠠᠷᠠᠳ ᠤᠨ ᠠᠮᠢᠳᠤᠷᠠᠯ ᠤᠨ ᠲᠦᠪᠰᠢᠨ ᠲᠠᠰᠤᠷᠠᠯᠳᠠ ᠦᠭᠡᠢ ᠲᠡᠭᠡᠭᠰᠢᠯᠡᠪᠡ᠃ ᠲᠡᠷᠡ᠂ ᠤᠷᠤᠨ ᠳᠠᠶᠠᠭᠠᠷ ᠤᠨ | ᠬᠠᠮᠳᠤ ᠶᠢᠨ ᠴᠢᠷᠮᠠᠶᠢᠯᠭ᠎ᠠ ᠪᠠᠷ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠳᠤ ᠲᠤᠬᠳᠠᠭᠠᠬᠰᠠᠨ ᠬᠠᠷᠠᠯᠳᠠ ᠡᠭᠦᠷᠭᠡ ᠦᠨᠳᠤᠰᠤᠨ ᠳᠡᠭᠡᠨ | ᠪᠡᠶᠡᠯᠡᠭᠳᠡᠵᠦ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠡᠯᠡᠬᠦᠯᠬᠦ ᠳᠠᠯ᠎ᠠ ᠪᠠᠷ ᠰᠢᠢᠳᠪᠤᠷᠢᠯᠡᠭᠴᠢ ᠴᠢᠨᠠᠷᠳᠠᠢ ᠠᠮᠵᠢᠯᠳᠠ ᠪᠦᠲᠦᠮᠵᠢ ᠤᠯᠵᠠᠢ ᠭᠡᠪᠡ᠃ | ᠪᠦ᠋ ᠰᠢᠶᠤᠤ ᠯᠢᠨ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠤᠯ ᠨᠡᠶᠢᠭᠡᠮ ᠵᠢᠷᠤᠮᠳᠤ ᠤᠳᠤᠭᠢᠴᠢᠯᠠᠬᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠠ ᠠᠶᠠᠨ ᠵᠠᠮ ᠢ ᠡᠭᠢᠯᠡᠭᠦᠯᠭᠦ ᠠᠩᠬᠠᠨ ᠤ ᠲᠠᠪᠤᠨ ᠵᠢᠯ ᠪᠣᠯᠣᠨ᠎ᠠ᠃ ᠪᠢᠳᠡ ᠰᠢᠨ᠎ᠠ ᠬᠦᠭᠵᠢᠯᠳᠠ ᠶᠢᠨ ᠱᠠᠳᠤ ᠶᠢ ᠤᠨᠤᠪᠴᠢᠳᠠᠢ ᠡᠵᠡᠮᠳᠡᠨ᠂ | ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠬᠦᠨᠵᠡᠭᠡᠢ ᠲᠤᠭᠤᠰᠢᠯᠠᠭᠤᠯᠵᠦ᠂ ᠰᠢᠨ᠎ᠠ ᠬᠦᠭᠵᠢᠯᠳᠠ ᠶᠢᠨ ᠪᠠᠶᠢᠷᠢᠰᠢᠯ ᠳᠤ ᠲᠦᠷᠭᠡᠨ ᠠᠭᠤᠰᠴᠦ᠂ ᠶᠡᠷᠦᠩᠭᠡᠢ ᠱᠦᠵᠢ | ᠰᠢ ᠶᠢᠨ ᠫᠢᠡᠭ ᠪᠤᠯᠤᠨ ᠨᠠᠮ ᠤᠨ ᠲᠦᠪ ᠬᠤᠷᠢᠶᠠᠨ ᠤ ᠦᠪᠤᠷ ᠮᠤᠩᠭᠤᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠶᠤᠰᠤᠭᠠᠷ ᠮᠠᠨ ᠤ | ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠭᠡ ᠤᠯᠤᠰ ᠤᠨ ᠤᠮᠠᠷᠠᠳᠤ ᠬᠢᠵᠠᠭᠠᠷ ᠤᠨ ᠠᠮᠤᠷ ᠲᠦᠪᠰᠢᠨ | ᠲᠤᠬᠳᠠᠭᠤᠨ ᠤ ᠬᠠᠯᠬᠠᠪᠴᠢ ᠶᠢ ᠪᠠᠳᠣ ᠴᠣᠭᠴᠠᠯᠠᠵᠣ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠭᠢ ᠪᠠᠶᠠᠯᠢᠭ ᠤᠨ ᠰᠠᠭᠤᠷᠢᠨ᠂ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠢᠯᠡᠳᠪᠤᠷᠢᠯᠡᠯ ᠤᠨ ᠰᠠᠭᠤᠷᠢᠨ ᠢ ᠪᠦᠳᠦᠬᠡᠨ ᠪᠠᠶᠢᠭᠤᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ | ᠴᠢᠬᠤᠯᠠ ᠪᠠᠭᠢᠯᠡᠯᠳᠡ ᠶᠢ ᠴᠤᠬᠴᠠᠯᠠᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠳᠤ ᠨᠡᠶᠢᠴᠡᠭᠰᠨᠨ᠂ ᠦᠪᠤᠷ ᠮᠤᠩᠭᠤᠯ ᠤᠨ ᠤᠨᠴᠠᠯᠢᠭ ᠢ | ᠬᠠᠷᠠᠭᠤᠯᠤᠭᠰᠠᠨ᠂ ᠠᠮᠢ ᠠᠬᠤᠢ ᠶᠢ ᠤᠷᠢᠳ ᠢᠶᠠᠷ ᠪᠤᠳᠤᠯᠭᠢᠯᠠᠬᠤ ᠪᠤᠬᠢᠷᠳᠤᠯ ᠦᠭᠡᠢ ᠬᠦᠭᠵᠢᠭᠦᠯᠭᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ | ᠰᠢᠨ᠎ᠠ ᠵᠠᠮ ᠢᠶᠠᠷ ᠵᠠᠮᠨᠠᠨ᠎ᠠ ᠭᠡᠪᠡ᠃ ᠲᠡᠷᠡ ᠢᠯᠡᠳᠭᠡᠯ ᠳᠡᠭᠡᠨ᠂ ︽ᠠᠷᠪᠠᠨ ᠲᠦᠷᠪᠡᠳᠦᠭᠡᠷ ᠲᠠᠪᠤᠨ ᠵᠢᠯ︾ ᠳᠤ ᠦᠪᠤᠷ ᠮᠤᠩᠭᠤᠯ ᠠᠷᠠᠳ ᠲᠦᠮᠡᠨ ᠢᠶᠠᠷ ᠭᠤᠤᠯ | ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠶᠢ ᠪᠠᠷᠢᠮᠳᠠᠯᠠᠨ᠂ ᠬᠦᠭᠵᠢᠯᠳᠠ ᠶᠢᠨ ᠬᠦᠳᠡᠯᠭᠡᠭᠦ ᠬᠦᠴᠤᠨ ᠪᠠ | ᠠᠮᠢᠵᠢᠷᠠᠯ ᠤᠨ ᠬᠦᠴᠤᠨ ᠢ ᠲᠠᠰᠤᠷᠠᠯᠳᠠ ᠦᠭᠡᠢ ᠴᠢᠩᠭᠠᠷᠠᠭᠤᠯᠵᠣ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠭᠦᠯᠤᠨ᠂ | ᠤᠳᠤ ᠦᠶ᠎ᠠ ᠶᠢᠨ ᠠᠵᠦ ᠦᠢᠯᠡᠰ ᠤᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠦ᠂ ᠬᠦᠮᠦᠨ ᠬᠢᠬᠡᠳ ᠪᠠᠶᠢᠭᠠᠯᠢ ᠡᠶ᠎ᠡ ᠵᠤᠬᠢᠴᠠᠯ ᠲᠠᠢ ᠬᠠᠮᠳᠤ ᠪᠠᠷ ᠤᠷᠤᠰᠢᠬᠰᠠᠨ | ᠦᠵᠡᠰᠭᠦᠯᠡᠩᠲᠦ ᠰᠠᠶᠢᠬᠠᠨ ᠬᠡᠷ ᠤᠷᠤᠨ ᠢ ᠴᠢᠷᠮᠠᠶᠢᠨ ᠪᠠᠶᠢᠭᠤᠯᠤᠨ᠎ᠠ ᠭᠡᠵᠦ ᠲᠤᠷᠠᠳᠴᠠᠢ᠃ | ᠪᠦ᠋ ᠰᠢᠶᠤᠤ ᠯᠢᠨ᠂ 2021 ᠣᠨ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠪᠣᠯᠬᠤ ᠪᠦᠭᠡᠳ ︽ᠠᠷᠪᠠᠨ | ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠭᠢᠯᠡᠯᠳᠡ ᠶᠢᠨ ᠵᠢᠯ ᠪᠤᠯᠤᠨ᠎ᠠ᠃ ᠵᠠᠰᠠᠬ ᠤᠨ ᠤᠷᠳᠤᠨ ᠤ ᠠᠵᠢᠯ ᠢ ᠰᠠᠶᠢᠳᠤᠷ ᠬᠢᠭᠦ ᠳᠤ᠂ ᠰᠢ ᠶᠢᠨ ᠫᠢᠡᠭ | ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ | ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠦ᠂ ᠲᠤᠬᠳᠠᠭᠤᠨ ᠤ ᠲᠤᠮᠳᠡ ᠤᠷᠤᠬᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠤ᠂ ᠰᠢᠨ᠎ᠠ ᠬᠦᠭᠵᠢᠯᠳᠠ ᠶᠢᠨ | ᠱᠠᠳᠤᠨ ᠳᠤ ᠰᠠᠭᠤᠷᠢᠯᠠᠨ᠂ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠲᠤᠭᠤᠰᠢᠯᠠᠭᠤᠯᠵᠦ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠴᠤᠭᠴᠠᠯᠠᠵᠤ᠂ ᠴᠢᠨᠠᠷ | ᠰᠠᠶᠢᠳᠠᠢ ᠬᠦᠭᠵᠢᠯᠳᠠ ᠶᠢ ᠠᠭᠢᠭᠤᠯᠬᠤ ᠪᠠᠷ ᠭᠤᠤᠯ ᠰᠡᠳᠦᠪ ᠪᠤᠯᠭᠠᠨ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ | ᠬᠦᠨᠵᠡᠭᠡᠶᠢᠷᠡᠭᠦᠯᠭᠦ ᠪᠠᠷ ᠭᠤᠤᠯ ᠰᠢᠵᠢᠮ ᠪᠤᠯᠭᠠᠵᠦ᠂ ᠦᠭᠡᠷᠡᠴᠢᠯᠡᠯᠳᠡ ᠬᠢᠵᠦ ᠰᠢᠨ᠎ᠠ ᠶᠢ ᠡᠭᠦᠳᠭᠦ ᠪᠠᠷ ᠦᠨᠳᠤᠰᠦᠨ ᠬᠦᠳᠡᠯᠭᠡᠭᠦ ᠬᠦᠴᠤᠨ ᠪᠤᠯᠭᠠᠨ᠂ ᠠᠷᠠᠳ | ᠲᠦᠮᠡᠨ ᠤ ᠡᠳᠦᠷ ᠢᠷᠡᠭᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠨᠭ᠍ᠭᠠᠬᠤ ᠪᠠᠷ ᠦᠨᠳᠦᠰᠦᠨ ᠬᠠᠷᠠᠯᠳᠠ ᠪᠤᠯᠭᠠᠵᠦ᠂ ᠰᠢᠰᠲ᠋ᠧᠮᠳᠣ | ᠦᠵᠡᠯᠳᠡ ᠶᠢ ᠪᠠᠷᠢᠮᠳᠠᠯᠠᠨ᠂ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠪᠠ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠦᠷ᠎ᠠ ᠪᠦᠲᠦᠭᠡᠯ ᠢ ᠪᠠᠬᠢᠵᠢᠭᠦᠯᠦᠨ | ᠦᠷᠭᠡᠳᠭᠡᠵᠦ᠂ ᠬᠦᠭᠵᠢᠯᠳᠠ ᠪᠠ ᠠᠮᠤᠷ ᠲᠦᠪᠰᠢᠨ ᠢ ᠨᠡᠩ ᠰᠠᠶᠢᠳᠤᠷ ᠨᠢᠭᠡᠳᠤᠯᠳᠡᠢ ᠲᠦᠯᠦᠪᠵᠢᠭᠦᠯᠵᠦ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ | ᠯᠠᠪᠳᠠᠭᠤᠨ ᠪᠠᠳᠤᠳᠠᠢ ᠰᠠᠶᠢᠳᠤᠷ ᠭᠢᠵᠦ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠤᠷᠸ᠎ᠠ ᠲᠦᠷᠦ ᠶᠢᠨ ᠪᠤᠳᠤᠯᠭ᠎ᠠ ᠶᠢ | ᠰᠢᠨᠵᠢᠯᠡᠭᠦ ᠤᠬᠠᠭᠠᠨᠴᠢ ᠪᠠᠷ ᠤᠨᠤᠴᠠᠳᠠᠢ ᠬᠡᠷᠡᠭᠵᠢᠭᠦᠯᠤᠨ᠂ ᠠᠵᠦ ᠠᠬᠤᠢ ᠶᠢᠨ ᠡᠷᠭᠢᠯᠳᠡ ᠶᠢ ᠵᠦᠢ ᠵᠤᠬᠢᠰᠳᠠᠢ ᠬᠡᠪᠴᠢᠶᠠᠨ ᠳᠤ ᠪᠠᠶᠢᠯᠭᠠᠬᠤ ᠶᠢ ᠴᠢᠷᠮᠠᠶᠢᠨ ᠪᠠᠳᠣᠯᠠᠵᠣ᠂ | ᠲᠤᠳᠤᠭᠠᠳᠤ ᠬᠡᠷᠡᠭᠴᠡᠭᠡ ᠶᠢ ᠦᠷᠭᠡᠳᠭᠡᠭᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ | ᠳᠣᠯᠭᠠᠭᠤᠷᠢᠯᠠᠯ ᠢ ᠴᠢᠩᠳᠠᠯᠠᠵᠦ᠂ ᠦᠨᠳᠤᠷ ᠲᠦᠪᠰᠢᠨ ᠪᠦᠭᠦᠢ ᠭᠠᠳᠠᠭᠠᠳᠤ ᠨᠡᠭᠡᠭᠡᠯᠳᠡ ᠶᠢ ᠦᠷᠭᠡᠳᠭᠡᠨ᠂ ︽ᠠᠷᠪᠠᠨ ᠲᠦᠷᠪᠡᠳᠦᠭᠡᠷ ᠲᠠᠪᠤᠨ ᠵᠢᠯ︾ ᠢ ᠰᠠᠶᠢᠨ | ᠰᠠᠶᠢᠬᠠᠨ ᠡᠭᠢᠯᠡᠭᠦᠯᠬᠦ ᠶᠢ ᠪᠠᠳᠤᠯᠠᠵᠦ᠂ ᠰᠢᠯᠢᠳᠡᠭ ᠠᠮᠵᠢᠯᠳᠠ ᠪᠠᠷ ᠢᠶᠠᠨ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠭᠡᠯᠡᠭᠦ ᠬᠡᠷᠡᠭᠳᠡᠢ ᠭᠡᠵᠦ ᠵᠢᠭᠠᠵᠦ | ᠭᠠᠷᠭᠠᠪᠠ᠃ | ᠪᠦ᠋ ᠰᠢᠶᠤᠤ ᠯᠢᠨ ᠢᠯᠡᠳᠭᠡᠯ ᠳᠡᠭᠡᠨ 2021 ᠣᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠭᠤᠤᠯ ᠪᠣᠯᠬᠤ ᠵᠢᠱᠢᠭᠰᠡᠨ ᠬᠠᠷᠠᠯᠳᠠ ᠶᠢ ᠳᠣᠷᠠᠳᠪᠠ᠄ | ᠤᠷᠤᠨ ᠨᠤᠳᠤᠬ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠢ 6% ᠤᠷᠴᠢᠮ ᠨᠡᠮᠡᠭᠳᠡᠭᠦᠯᠤᠨ᠎ᠠ︔ ᠬᠤᠳᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ | ᠠᠯᠳᠠᠭᠰᠠᠳ ᠤᠨ ᠬᠡᠮᠵᠢᠶ᠎ᠡ ᠶᠢ 6% ᠤᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠠ ᠬᠠᠨᠭ᠍ᠰᠢ ᠶᠢᠨ ᠦᠰᠦᠯᠳᠡ ᠶᠢᠨ ᠬᠡᠮᠵᠢᠶ᠎ᠡ ᠶᠢ 3% | ᠤᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠤᠷᠤᠯᠭ᠎ᠠ ᠶᠢ ᠲᠤᠬᠳᠠᠭᠤᠨ ᠢᠶᠠᠷ ᠨᠡᠮᠡᠭᠳᠡᠭᠦᠯᠦᠨ᠎ᠠ︔ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠢ ᠤᠯᠠᠮ | ᠨᠢᠭᠡ ᠠᠯᠬᠤᠮ ᠰᠠᠶᠢᠵᠢᠷᠠᠭᠤᠯᠵᠦ᠂ ᠨᠢᠭᠡᠴᠢ ᠤᠷᠤᠨ ᠨᠤᠳᠤᠬ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠲᠠᠬᠢ ᠡᠨᠧᠷᠭᠢ ᠶᠢᠨ ᠬᠤᠷᠤᠬᠳᠠᠭᠤᠯᠤᠯ ᠢ 3% | ᠪᠠᠭᠤᠷᠠᠭᠤᠯᠵᠦ᠂ ᠭᠤᠤᠯ ᠪᠤᠯᠬᠤ ᠪᠤᠬᠢᠷᠳᠤᠯ ᠪᠤᠳᠠᠰ ᠢ ᠭᠠᠳᠠᠬᠰᠢᠯᠠᠭᠤᠯᠬᠤ ᠬᠡᠮᠵᠢᠶ᠎ᠠ ᠶᠢ ᠦᠷᠭᠦᠯᠵᠢᠯᠠᠨ ᠪᠠᠭᠤᠷᠠᠭᠤᠯᠤᠨ᠎ᠠ︔ ᠠᠮᠤ ᠪᠤᠳᠠᠭᠠᠨ ᠤ ᠤᠨᠠᠯᠳᠠ ᠶᠢ 700 | ᠳ᠋ᠦᠩᠰᠢᠭᠤᠷ ᠵᠢᠩ ᠠᠴᠠ ᠲᠡᠭᠡᠭᠰᠢ ᠪᠠᠶᠢᠯᠭᠠᠨ᠎ᠠ᠃ | ᠪᠦ᠋ ᠰᠢᠶᠤᠤ ᠯᠢᠨ 2021 ᠣᠨ ᠳᠤ 9 ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠬᠢᠨ᠎ᠠ ᠭᠡᠵᠦ ᠳᠣᠷᠠᠳᠪᠠ᠄ ᠠᠵᠦ ᠠᠬᠤᠢ ᠶᠢᠨ ᠲᠤᠬᠳᠠᠭᠤᠨ ᠨᠡᠮᠡᠭᠲᠡᠯ ᠢ | ᠪᠦᠭᠦ ᠬᠦᠴᠤᠨ ᠢᠶᠠᠷ ᠠᠬᠢᠭᠤᠯᠤᠨ᠎ᠠ︔ ︽ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠢᠶᠠᠷ ᠦᠪᠤᠷ ᠮᠤᠩᠭᠤᠯ ᠢᠶᠠᠨ ᠬᠥᠭᠵᠢᠬᠦᠯᠥᠨ ᠮᠠᠨᠳᠤᠭᠤᠯᠬᠤ︾ ᠠᠵᠢᠯᠯᠠᠭ᠎ᠠ ᠶᠢ | ᠬᠦᠨᠵᠡᠭᠡᠢ ᠬᠡᠷᠡᠭᠵᠢᠭᠦᠯᠦᠨ᠎ᠠ︔ ᠠᠵᠦ ᠦᠢᠯᠡᠰ ᠤᠨ ᠭᠡᠯᠬᠢᠶ᠎ᠠ ᠪᠠ ᠦᠷᠳᠡᠭ ᠤᠨ ᠬᠡᠯᠬᠢᠶ᠎ᠠ ᠶᠢᠨ ᠲᠦᠪᠰᠢᠨ ᠢ ᠬᠦᠴᠤᠯᠠᠨ ᠲᠡᠭᠡᠭᠰᠢᠯᠡᠭᠦᠯᠦᠨ᠎ᠠ︔ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠤᠨ᠎ᠠ︔ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ | ᠬᠦᠭᠵᠢᠯᠳᠠ ᠶᠢ ᠯᠠᠪᠳᠠᠭᠤᠨ ᠪᠠᠳᠣᠳᠠᠢ ᠠᠬᠢᠭᠤᠯᠤᠨ᠎ᠠ︔ ᠦᠭᠡᠷᠡᠴᠢᠯᠡᠯᠳᠡ ᠨᠡᠭᠡᠭᠡᠯᠳᠡ ᠶᠢ ᠨᠡᠩ ᠡᠷᠴᠢᠮᠲᠡᠢ ᠠᠬᠢᠭᠤᠯᠤᠨ᠎ᠠ︔ ᠠᠮᠢ ᠠᠬᠤᠢ ᠤᠷᠴᠢᠨ ᠲᠤᠭᠤᠷᠢᠨ ᠤ | ᠶᠠᠰᠤ ᠴᠢᠨᠠᠷ ᠢ ᠦᠷᠭᠦᠯᠵᠢᠯᠠᠨ ᠰᠠᠶᠢᠵᠢᠷᠠᠭᠤᠯᠤᠨ᠎ᠠ︔ ᠪᠤᠯᠪᠠᠰᠤᠨ ᠦᠪᠤᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢ ᠬᠥᠨᠵᠡᠬᠡᠢ ᠠᠬᠢᠭᠤᠯᠤᠨ᠎ᠠ︔ ᠦᠨᠳᠤᠰᠤᠨ | ᠠᠷᠠᠳ ᠤᠨ ᠠᠮᠢᠳᠤᠷᠠᠯ ᠤᠨ ᠪᠠᠳᠤᠯᠠᠭ᠎ᠠ ᠪᠠ ᠨᠡᠶᠢᠭᠡᠮ ᠤᠨ ᠵᠠᠰᠠᠯᠳᠠ ᠶᠢ ᠴᠢᠩᠭᠠᠳᠬᠠᠨ᠎ᠠ᠃ | ᠪᠦ᠋ ᠰᠢᠶᠤᠤ ᠯᠢᠨ᠂ ᠰᠢᠨ᠎ᠠ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠵᠠᠰᠠᠭ ᠤᠨ ᠤᠷᠳᠤᠨ ᠤ | ᠠᠵᠢᠯ ᠤᠨ ᠢᠶᠠᠨ ᠪᠦᠬᠦ ᠶᠠᠪᠤᠴᠠ ᠳᠤ ᠲᠤᠭᠤᠰᠢᠯᠠᠭᠤᠯᠵᠤ᠂ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠨ᠂ ︽ᠲᠦᠷᠪᠡᠨ ᠢᠳᠡᠭᠡᠯ︾ ᠢᠶᠠᠨ | ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠰᠢ ᠶᠢᠨ | ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠯᠭᠠᠵᠤ᠂ ᠨᠠᠮ ᠤᠨ ᠲᠦᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠡᠷᠡ ᠶᠤᠰᠤᠭᠠᠷ ᠨᠢ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠥᠨᠡᠨ ᠬᠦ ᠪᠠᠳᠤᠯᠠᠬᠤ | ᠬᠡᠷᠡᠭᠳᠡᠢ ᠬᠡᠵᠤ ᠴᠢᠬᠤᠯᠠᠴᠢᠯᠠᠪᠠ᠃ | ᠪᠦ᠋ ᠰᠢᠶᠤᠤ ᠯᠢᠨ᠂ ᠪᠢᠳᠡ ᠤᠯᠤᠰ ᠤᠨ ᠨᠢᠭᠡᠳᠤᠯ᠂ ᠦᠨᠳᠦᠰᠦᠳᠡᠨ ᠤ ᠪᠦᠯᠭᠦᠮᠳᠠᠯ ᠢ ᠬᠠᠮᠠᠭᠠᠯᠠᠬᠤ ᠨᠡᠩ ᠶᠡᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ | ᠡᠭᠦᠷᠭᠡᠯᠡᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠭᠡ ᠤᠯᠤᠰ᠂ ᠲᠤᠮᠳᠠᠳᠤ ᠶᠢᠨ ᠦᠨᠳᠤᠰᠦᠳᠡᠨ᠂ ᠲᠤᠮᠳᠠᠳᠤ ᠶᠢᠨ ᠰᠤᠶᠤᠯ᠂ ᠲᠤᠮᠳᠡᠳᠤ | ᠤᠯᠤᠰ ᠤᠨ ᠡᠪ ᠬᠠᠮᠳᠤ ᠨᠠᠮ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠳᠣᠬᠠᠢ ᠳᠠᠨᠢᠯᠳᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠡᠢ᠃ | ᠨᠠᠮ ᠤᠨ ᠦᠨᠳᠤᠰᠦᠳᠡᠨ ᠤ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ ᠦᠨᠳᠤᠰᠤᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ | ᠪᠠᠷᠢᠮᠳᠠᠯᠠᠨ ᠲᠡᠭᠦᠯᠳᠡᠷᠵᠢᠭᠦᠯᠵᠦ᠂ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢ ᠡᠭᠦᠳᠤᠨ ᠪᠠᠶᠢᠭᠤᠯᠬᠤ ᠠᠵᠢᠯᠯᠠᠭ᠎ᠠ ᠶᠢ ᠪᠦᠭᠦ ᠲᠠᠯ᠎ᠠ ᠪᠠᠷ ᠬᠦᠨᠵᠡᠭᠡᠢ ᠣᠳᠠᠭᠠᠨ | ᠳᠠᠭᠠᠭᠠᠮᠠᠭᠠᠢ ᠦᠷᠨᠢᠭᠦᠯᠵᠦ᠂ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠵᠦ᠂ ᠲᠤᠮᠳᠠᠳᠤ ᠶᠢᠨ ᠦᠨᠳᠤᠰᠦᠳᠡᠨ ᠤ ᠬᠠᠮᠳᠤ | ᠴᠤᠬᠴᠠ ᠶᠢᠨ ᠤᠬᠠᠮᠰᠠᠷ ᠢ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠡᠳᠭᠢᠯ ᠵᠢᠷᠦᠬᠡᠨ ᠳᠤ ᠬᠦᠨ ᠦᠨᠳᠦᠰᠦᠯᠡᠭᠦᠯᠭᠦ ᠬᠡᠷᠡᠭᠳᠡᠢ ᠭᠡᠵᠦ ᠴᠢᠬᠤᠯᠠᠴᠢᠯᠠᠪᠠ᠃ | ᠪᠦ᠋ ᠰᠢᠶᠤᠤ ᠯᠢᠨ᠂ ᠰᠢᠨ᠎ᠠ ᠠᠶᠠᠨ ᠨᠢᠭᠡᠨᠳᠡ ᠡᠬᠢᠯᠡᠪᠡ᠂ ᠴᠢᠷᠮᠠᠶᠢᠨ ᠲᠡᠮᠡᠴᠡᠪᠠᠯ ᠰᠠᠶ᠋ᠢ ᠰᠠᠷᠠᠭᠤᠯ ᠢᠷᠡᠭᠡᠳᠦᠢ ᠪᠠᠨ ᠴᠣᠭᠴᠠᠯᠠᠵᠣ ᠴᠢᠳᠠᠨ᠎ᠠ᠂ ᠪᠢᠳᠡ ᠰᠢ ᠶᠢᠨ | ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ | ᠵᠠᠮ ᠨᠡᠭᠡᠭᠡᠵᠤ᠂ ᠦᠷᠭᠦᠯᠵᠢᠯᠡᠨ ᠲᠡᠮᠡᠴᠡᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠭᠦᠯᠵᠦ᠂ ᠰᠢᠯᠢᠳᠡᠭ | ᠠᠮᠵᠢᠯᠳᠡ ᠪᠠᠷ ᠢᠶᠠᠨ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠭᠡᠯᠡᠨ᠂ ᠬᠡᠵᠢᠶᠡᠳᠡ ᠴᠦᠭᠦᠷᠡᠰᠢ ᠦᠭᠡᠢ ᠴᠤᠴᠠᠯᠳᠠ | ᠦᠭᠡᠢ ᠤᠷᠤᠬᠰᠢᠯᠠᠵᠦ᠂ ᠦᠪᠦᠷ ᠮᠤᠩᠭᠤᠯ ᠤᠨ ᠬᠦᠭᠵᠢᠯᠳᠡ ᠶᠢᠨ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠶ᠎ᠡ ᠬᠡᠪᠡ᠃ | | | ᠬᠤᠷᠠᠯ ᠤᠨ ᠵᠦᠪᠯᠡᠭᠦ ᠵᠦᠢᠯᠡᠰ ᠢ ᠦᠨᠳᠦᠰᠦᠯᠡᠵᠤ᠂ ᠶᠡᠭᠡ ᠬᠤᠷᠠᠯ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠵᠢᠴᠢ 2035 ᠣᠨ ᠤ ᠠᠯᠤᠰ ᠤᠨ ᠬᠠᠷᠠᠯᠳᠠ ᠶᠢᠨ | ᠬᠦᠳᠦᠯᠪᠤᠷᠢ ᠶᠢᠨ ᠲᠦᠰᠦᠯ︾᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2021 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ | ᠲᠦᠯᠦᠪᠯᠡᠭᠡ ᠶᠢᠨ ᠲᠦᠰᠦᠯ ᠤᠨ ᠮᠡᠳᠡᠭᠦᠯᠦᠯᠳᠡ︾᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2020 ᠣᠨ ᠤ ᠲᠦᠰᠦᠪ ᠢ ᠬᠦᠢᠴᠡᠳᠭᠡᠭᠰᠡᠨ | ᠪᠠᠶᠢᠳᠠᠯ ᠪᠠ 2021 ᠣᠨ ᠤ ᠲᠦᠰᠦᠪ ᠤᠨ ᠲᠦᠰᠦᠯ ᠤᠨ ᠮᠡᠳᠡᠭᠦᠯᠦᠯᠳᠡ︾ ᠶᠢ ᠬᠢᠨᠠᠨ ᠪᠠᠶᠢᠴᠠᠭᠠᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠯᠢᠶᠠᠨ ᠰᠤ᠋ ︽ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ ︵ᠲᠦᠰᠦᠯ︶︾ ᠤᠨ ᠲᠤᠬᠠᠢ | ᠲᠤᠳᠤᠷᠬᠠᠢᠢᠯᠠᠯᠳᠠ ᠬᠢᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢᠶᠠᠨ ᠰᠤ᠋ ︽ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠰᠤᠩᠭᠤᠭᠤᠯᠢ ᠶᠢᠨ | ᠠᠷᠭ᠎ᠠ ︵ᠲᠦᠰᠦᠯ︶︾ ᠶᠢᠨ ᠲᠤᠬᠠᠢ ᠲᠤᠳᠤᠷᠬᠠᠢᠢᠯᠠᠯᠳᠠ ᠬᠢᠵᠠᠢ᠃ | ᠦᠪᠡᠷᠳᠡᠭᠡᠨ ᠵᠠᠰᠠᠬᠤ ᠤᠷᠤᠨ ᠳᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠪᠤᠯᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ | ᠬᠤᠷᠠᠯ ᠳᠤ ᠤᠷᠤᠯᠴᠠᠵᠤ ᠪᠠᠶᠢᠭ᠎ᠠ ᠪᠦᠬᠦ ᠬᠡᠰᠢᠭᠦᠨ ᠲᠤᠰ ᠤᠳᠠᠭ᠎ᠠ ᠶᠢᠨ ᠪᠦᠬᠦᠳᠡ ᠬᠤᠷᠠᠯ ᠳᠤ ᠰᠤᠯᠠ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠳᠠᠨ ᠨᠦᠬᠦᠳ ᠠᠯᠤᠰ | ᠡᠵᠡᠮᠰᠢᠯᠳᠦ ᠸᠢᠳᠢᠣ᠋ ᠪᠠᠷ ᠬᠤᠷᠠᠯ ᠳᠤ ᠰᠤᠯᠠ ᠤᠷᠤᠯᠴᠠᠵᠠᠢ᠃ |