ᠱᠢ ᠲᠠᠢ ᠹᠧᠩ ᠬᠦᠬᠡᠬᠤᠳᠠ ᠶᠢᠨ ᠳᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ ᠴᠢᠬᠤᠯᠠᠴᠢᠯᠠᠬᠰᠠᠨ ᠨᠢ ᠰᠢᠨ᠎ᠡ ᠬᠦᠭᠵᠢᠯᠳᠡ ᠶᠢᠨ ᠱᠠᠳᠤᠨ ᠳᠠᠬᠢ ᠪᠠᠶᠢᠪᠠᠰᠤ ᠵᠤᠬᠢᠬᠤ ᠡᠬᠦᠷᠬᠡᠯᠡᠯ ᠪᠤᠯᠤᠨ ᠵᠢᠳᠬᠦᠯ ᠴᠢᠷᠮᠠᠶᠢᠯᠭ᠎ᠠ ᠪᠠᠷ ︽ᠠᠷᠪᠠᠨ ᠳᠦᠷᠪᠡᠳᠤᠬᠡᠷ ᠳᠠᠪᠤᠨ ᠵᠢᠯ︾ ᠤᠨ ᠰᠢᠨ᠎ᠡ ᠠᠶᠠᠯᠠᠯ ᠢᠶᠠᠨ ᠡᠬᠢᠯᠡᠬᠦᠯᠦᠶ᠎ᠡ
ᠨᠡᠶᠢᠲᠡᠯᠡᠭᠰᠡᠨ ᠴᠠᠭ᠄
2021/1/27
     1 ᠰᠠᠷ᠎ᠠ ᠶᠢᠨ 26 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠳᠡᠬᠦᠨ ᠤ ᠪᠠᠶᠢᠭ᠎ᠠ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠪᠡᠳᠤᠬᠡᠷ ᠬᠤᠷᠠᠯ ᠤᠨ ᠬᠦᠬᠡᠬᠤᠳᠠ ᠶᠢᠨ ᠳᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠪᠠ᠃ ᠳᠡᠷᠡ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠤᠨ ᠵᠤᠷᠢᠬ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠬᠠᠷᠢᠭᠤᠴᠠᠯᠭ᠎ᠠ ᠡᠬᠦᠷᠬᠡᠯᠡᠯ ᠢᠶᠠᠨ ᠴᠢᠩᠭᠠᠷᠠᠭᠤᠯᠵᠥ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠥ᠂ ᠰᠢᠨ᠎ᠡ ᠡᠬᠢᠯᠡᠯᠳᠡ ᠶᠢᠨ ᠴᠡᠭ ᠳᠡᠬᠡᠷ᠎ᠡ ᠪᠠᠨ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠯᠠᠪᠳᠠᠭᠤᠨ ᠪᠠᠳᠤᠳᠠᠢ ᠰᠠᠶᠢᠳᠤᠷ ᠠᠯᠬᠤᠵᠥ᠂ ︽ᠠᠷᠪᠠᠨ ᠳᠦᠷᠪᠡᠳᠤᠬᠡᠷ ᠳᠠᠪᠤᠨ ᠵᠢᠯ︾ ᠤᠨ ᠬᠦᠭᠵᠢᠯᠳᠡ ᠶᠢᠨ ᠰᠠᠶᠢᠳᠤᠷ ᠡᠬᠢᠯᠡᠵᠥ᠂ ᠰᠢᠨ᠎ᠡ ᠭᠠᠷᠤᠭ᠎ᠠ ᠠᠪᠬᠤ ᠶᠢ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃
     ᠬᠦᠬᠡᠬᠤᠳᠠ ᠶᠢᠨ ᠳᠦᠯᠦᠬᠡᠯᠡᠭᠴᠢᠳ ᠤᠨ ᠪᠦᠯᠬᠦᠮ ᠬᠦᠭᠵᠢᠶᠡᠨ ᠲᠠᠢ᠂ ᠬᠠᠯᠠᠭᠤᠨ ᠶᠠᠷᠢᠯᠴᠠᠭ᠎ᠠ ᠦᠷᠨᠢᠬᠦᠯᠪᠡ᠃ ᠵᠠᠩ ᠪᠠᠢ ᠴᠧᠩ᠂ ᠠᠯᠳᠠᠨᠰᠠᠩ᠂ ᠶᠦᠨ ᠯᠢᠨ ᠴᠢᠶᠦ᠋ᠩ᠂ ᠯᠢᠶᠠᠩ ᠶᠦᠩ᠂ ᠯᠦ ᠮᠢᠨ ᠹᠠᠩ ᠵᠡᠷᠬᠡ 5 ᠳᠦᠯᠦᠬᠡᠯᠡᠭᠴᠢ ᠢᠳᠡᠪᠬᠢᠳᠠᠢ ᠪᠠᠷ ᠦᠬᠡ ᠬᠡᠯᠡᠭᠰᠡᠨ ᠪᠦᠬᠡᠳ ᠳᠤᠰ ᠳᠤᠰ ᠤᠨ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠤᠷᠤᠨ ᠤ ᠳᠦᠪ ᠬᠤᠳᠠ ᠶᠢᠨ ᠳᠠᠭᠠᠭᠤᠯᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ᠂ ᠳᠤᠮᠳᠠᠳᠤ ᠶᠢᠨ ᠦᠨᠳᠦᠰᠦᠳᠡᠨ ᠤ ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ᠂ ᠶᠠᠳᠠᠭᠤ ᠠᠴᠠ ᠠᠩᠬᠢᠵᠢᠷᠠᠭᠤᠯᠤᠬᠰᠠᠨ ᠦᠷ᠎ᠡ ᠪᠦᠳᠦᠬᠡᠯ ᠢ ᠪᠠᠬᠢᠵᠢᠬᠦᠯᠦᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠲᠠᠢ ᠵᠤᠯᠭᠠᠭᠤᠯᠬᠤ᠂ ᠰᠤᠷᠭᠠᠨ ᠬᠦᠮᠦᠵᠢᠯ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ᠂ ᠰᠦ ᠶᠢᠨ ᠦᠢᠯᠡᠰ ᠤᠨ ᠬᠦᠭᠵᠢᠯᠳᠡ ᠶᠢ ᠮᠠᠨᠳᠤᠭᠤᠯᠬᠤ ᠵᠡᠷᠬᠡ ᠶᠢᠨ ᠳᠤᠬᠠᠢ ᠰᠠᠨᠠᠯ ᠰᠠᠨᠠᠭᠤᠯᠭ᠎ᠠ ᠳᠤᠷᠠᠳᠪᠠ᠃ ᠱᠢ ᠲᠠᠢ ᠹᠧᠩ ᠳᠦᠯᠦᠬᠡᠯᠡᠭᠴᠢ ᠨᠠᠷ ᠤᠨ ᠬᠡᠯᠡᠬᠦ ᠶᠢ ᠨᠠᠷᠢᠨ ᠬᠢᠨᠠᠮᠠᠭᠠᠢ ᠰᠤᠨᠤᠰᠴᠤ᠂ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠤᠯᠠᠨ ᠲᠠᠢ ᠰᠠᠨᠠᠯ ᠢᠶᠠᠨ ᠬᠦᠨᠵᠡᠬᠡᠢ ᠰᠤᠯᠢᠯᠴᠠᠪᠠ᠃      ᠱᠢ ᠲᠠᠢ ᠹᠧᠩ ᠶᠠᠷᠢᠬᠤ ᠳᠠᠭᠠᠨ᠂ ᠪᠦ᠋ ᠰᠢᠶᠤᠤ ᠯᠢᠨ ᠨᠦᠬᠦᠷ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠡᠮᠦᠨ᠎ᠠ ᠠᠴᠠ ᠬᠢᠭᠰᠡᠨ ᠠᠵᠢᠯ  ᠤᠨ ᠢᠯᠡᠳᠭᠡᠯ ᠵᠢᠴᠢ ᠬᠤᠷᠠᠯ ᠳᠤ ᠳᠡᠪᠰᠢᠭᠦᠯᠦᠨ ᠬᠢᠨᠠᠨ ᠵᠦᠪᠯᠡᠭᠦᠯᠬᠦ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠳᠠ ᠶᠢᠨ ᠬᠦᠳᠦᠯᠪᠦᠷᠢ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠭᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠢᠯᠡᠷᠡᠭᠦᠯᠵᠤ᠂ ᠳᠤᠷᠠᠳᠤᠭᠰᠠᠨ ᠬᠦᠭᠵᠢᠯᠳᠡ ᠶᠢᠨ ᠬᠠᠷᠠᠯᠳᠠ᠂ ᠭᠤᠤᠯ ᠡᠭᠦᠷᠭᠡ ᠪᠤᠯᠤᠨ ᠴᠢᠬᠤᠯᠠ ᠶᠡᠭᠡ ᠠᠷᠭ᠎ᠠ ᠬᠡᠮᠵᠢᠶ᠎ᠠ ᠨᠢ ᠨᠠᠮ ᠤᠨ ᠲᠦᠪ ᠬᠤᠷᠢᠶᠠᠨ ᠤ ᠵᠤᠷᠢᠭ ᠰᠠᠨᠠᠭ᠎ᠠ ᠪᠤᠯᠤᠨ ᠦᠪᠦᠷ ᠮᠤᠩᠭᠤᠯ ᠤᠨ ᠪᠤᠳᠠᠳᠤ ᠪᠠᠶᠢᠳᠠᠯ ᠲᠠᠢ ᠨᠡᠶᠢᠴᠡᠨ᠎ᠠ᠂ ᠪᠢ ᠪᠦᠷᠢᠮᠦᠰᠦᠨ ᠵᠦᠪᠰᠢᠶᠡᠷᠡᠵᠤ ᠪᠠᠶᠢᠨ᠎ᠠ ᠭᠡᠵᠤ ᠬᠡᠵᠠᠢ᠃      ᠱᠢ ᠲᠠᠢ ᠹᠧᠩ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠲᠤᠰ ᠤᠳᠠᠭᠠᠨ ᠤ ᠶᠡᠭᠡ ᠬᠤᠷᠠᠯ ᠠᠴᠠ ᠲᠤᠭᠳᠠᠭᠠᠭᠰᠠᠨ ᠬᠠᠷᠠᠯᠳᠠ ᠡᠭᠦᠷᠭᠡ ᠳᠡᠭᠡᠷ᠎ᠠ ᠨᠢᠭᠳᠠᠷᠠᠭᠤᠯᠵᠤ᠂ ︽ᠠᠷᠪᠠᠨ ᠳᠦᠷᠪᠡᠳᠦᠭᠡᠷ ᠲᠠᠪᠤᠨ ᠵᠢᠯ︾ ᠢ ᠡᠬᠢᠯᠡᠭᠦᠯᠵᠤ᠂ ᠰᠢᠨ᠎ᠠ ᠠᠶᠠᠨ ᠢ ᠡᠬᠢᠯᠡᠭᠦᠯᠬᠦ ᠳᠤ ᠬᠠᠮᠤᠭ ᠤᠨ ᠴᠢᠬᠤᠯᠠ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠰᠠᠶᠢᠳᠤᠷ ᠤᠢᠢᠯᠠᠭᠠᠵᠤ ᠰᠠᠶᠢᠳᠤᠷ ᠲᠤᠭᠤᠰᠢᠯᠠᠭᠤᠯᠵᠤ᠂ ᠤᠨᠴᠠᠭᠠᠢᠢᠯᠠᠨ ᠰᠢᠨ᠎ᠠ ᠬᠦᠭᠵᠢᠯᠳᠡ ᠶᠢᠨ ᠱᠠᠳᠤ ᠦᠶ᠎ᠠ ᠶᠢ ᠤᠨᠤᠪᠴᠢᠳᠠᠢ ᠡᠵᠡᠮᠳᠡᠵᠤ᠂ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠰᠢᠨ᠎ᠠ ᠬᠦᠭᠵᠢᠯᠳᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠲᠤᠬᠠᠢ ᠨᠠᠮ ᠤᠨ ᠲᠦᠪ ᠬᠤᠷᠢᠶᠠᠨ ᠤ ᠴᠢᠬᠤᠯᠠ ᠱᠠᠭᠠᠷᠳᠠᠯᠭ᠎ᠠ ᠶᠢ ᠪᠠᠶᠢᠯᠳᠤᠬᠤ ᠪᠤᠳᠤᠯᠭ᠎ᠠ ᠪᠤᠯᠤᠨ ᠪᠦᠬᠦ ᠲᠠᠯ᠎ᠠ ᠶᠢᠨ ᠦᠨᠳᠦᠷᠴᠡ ᠠᠴᠠ ᠭᠦᠨᠵᠡᠭᠡᠢ ᠰᠤᠷᠤᠯᠴᠠᠨ ᠤᠢᠢᠯᠠᠭᠠᠵᠤ᠂ ᠲᠡᠭᠦᠨ ᠤ ᠳᠤᠳᠤᠷᠠᠬᠢ ᠴᠢᠬᠤᠯᠠ ᠶᠡᠭᠡ ᠤᠨᠤᠯ ᠪᠤᠯᠤᠨ ᠦᠢᠯᠡᠳᠦᠯᠭᠡ ᠶᠢᠨ ᠠᠰᠠᠭᠤᠳᠠᠯ ᠢ ᠳᠤᠳᠤᠷᠬᠠᠢ ᠮᠡᠳᠡᠵᠤ᠂ ᠳᠤᠳᠤᠷᠬᠠᠢ ᠤᠢᠢᠯᠠᠭᠠᠵᠤ᠂ ᠳᠤᠳᠤᠷᠬᠠᠢ ᠡᠵᠡᠮᠰᠢᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠬᠤ ᠬᠡᠷᠡᠭᠳᠠᠢ᠃ ᠬᠦᠬᠡᠬᠤᠳᠠ ᠶᠢᠨ ᠬᠢᠨ ᠲᠦᠪ ᠬᠤᠳᠠ ᠶᠢᠨ ᠤᠬᠠᠮᠰᠠᠷ ᠪᠠ ᠬᠠᠷᠢᠭᠤᠴᠠᠯᠭ᠎ᠠ ᠡᠬᠦᠷᠬᠡᠯᠡᠯ ᠢᠶᠠᠨ ᠴᠢᠩᠭᠠᠷᠠᠭᠤᠯᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠪᠠᠳᠤ ᠲᠤᠭᠤᠰᠢᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠬᠦᠴᠦᠳᠠᠢ ᠪᠦᠲᠦᠮᠵᠢᠳᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠰᠠᠶᠢᠳᠤᠷ ᠵᠠᠮᠨᠠᠬᠤ ᠳᠤ ᠠᠩᠬᠠᠷᠤᠯ ᠢᠶᠠᠨ ᠬᠠᠨᠳᠤᠭᠤᠯᠤᠨ᠂ ᠦᠢᠯᠡᠳᠦᠯᠭᠡ ᠶᠢ ᠭᠦᠨᠵᠡᠭᠡᠶᠢᠷᠡᠭᠦᠯᠬᠦ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠲᠠᠯ᠎ᠠ ᠪᠠᠷ ᠬᠦᠴᠦ ᠤᠷᠤᠭᠤᠯᠤᠨ ᠪᠤᠳᠠᠳᠠᠢ ᠦᠷ᠎ᠠ ᠪᠦᠲᠦᠮᠵᠢ ᠤᠯᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃      ᠱᠢ ᠲᠠᠢ ᠹᠧᠩ᠂ ᠡᠨᠡ ᠵᠢᠯ ᠪᠤᠯ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠭᠡᠷᠡᠭᠵᠢᠬᠦᠯᠬᠦ᠂ ᠨᠡᠶᠢᠭᠡᠮ ᠵᠢᠷᠤᠮᠳᠤ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠬᠦᠯᠬᠦ ᠠᠩᠬᠠᠨ ᠤ ᠵᠢᠯ ᠪᠤᠯᠤᠨ᠎ᠡ᠂ ᠪᠦᠬᠦ᠋ᠢᠯᠡ ᠠᠵᠢᠯ ᠢ ᠴᠦᠮ ᠰᠠᠶᠢᠨ ᠡᠬᠢᠯᠡᠯᠳᠠ ᠲᠠᠢ ᠪᠤᠯᠭᠠᠬᠤ᠂ ᠰᠠᠶᠢᠨ ᠭᠠᠷᠤᠭ᠎ᠠ ᠠᠪᠬᠤ ᠶᠢᠨ ᠲᠤᠭᠤᠷᠢᠨ ᠳᠤ ᠦᠷᠨᠢᠬᠦᠯᠬᠦ ᠭᠡᠷᠡᠭᠳᠠᠢ᠃ ᠪᠦᠬᠦ ᠬᠤᠳᠠ ᠶᠢᠨ ᠲᠡᠭᠡᠳᠤ ᠲᠤᠤᠷᠠᠳᠤ ᠱᠠᠳᠤ ᠪᠠᠷ ᠢᠶᠠᠨ ᠲᠡᠮᠡᠴᠡᠯ ᠤᠨ ᠵᠤᠷᠢᠭ ᠰᠠᠨᠠᠭ᠎ᠠ᠂ ᠡᠷᠡᠮᠡᠬᠡᠶᠢᠯᠡᠨ ᠲᠡᠮᠡᠴᠡᠬᠦ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠠᠰᠠᠭᠤᠳᠠᠯ ᠢ ᠰᠢᠢᠳᠪᠤᠷᠢᠯᠡᠬᠦ ᠪᠠᠷ ᠲᠠᠮᠵᠢᠭᠤᠯᠤᠨ ᠡᠯ᠎ᠡ ᠵᠦᠢᠯ ᠤᠨ ᠠᠵᠢᠯ ᠢ ᠬᠦᠨᠵᠡᠭᠡᠢ ᠦᠷᠨᠢᠬᠦᠯᠬᠦ ᠶᠢ ᠬᠦᠳᠦᠯᠤᠨ ᠲᠠᠭᠠᠭᠤᠯᠵᠤ ᠲᠠᠶᠢᠴᠢᠯᠡᠬᠤ ᠶᠢ ᠨᠡᠩ ᠠᠩᠬᠠᠷᠴᠤ᠂ ᠴᠢᠷᠮᠠᠶᠢᠨ ᠬᠦᠴᠤᠯᠠᠵᠤ ᠲᠤᠳᠠᠭᠤᠳᠠᠯ ᠢᠶᠠᠨ ᠨᠦᠬᠦᠪᠤᠷᠢᠯᠡᠨ᠂ ᠪᠠᠭᠤᠷᠠᠢ ᠲᠠᠯ᠎ᠡ ᠪᠠᠨ ᠬᠦᠴᠦᠷᠭᠡᠭᠵᠢᠬᠦᠯᠤᠨ᠂ ᠪᠤᠭᠤᠮᠢ ᠶᠢ ᠡᠪᠳᠡᠨ᠂ ᠠᠷᠬᠠᠭ ᠬᠡᠮ ᠢ ᠠᠷᠢᠯᠭᠠᠵᠤ᠂ ᠠᠰᠠᠭᠤᠳᠠᠯ ᠢ ᠵᠦᠪ ᠢᠶᠠᠷ ᠬᠠᠷᠠᠬᠤ᠂ ᠪᠡᠷᠭᠡ ᠰᠡᠳᠦᠪ ᠢ ᠰᠢᠢᠳᠪᠤᠷᠢᠯᠡᠬᠦ᠂ ᠠᠰᠠᠭᠤᠳᠠᠯ ᠢ ᠰᠢᠢᠳᠪᠤᠷᠢᠯᠡᠬᠦ ᠲᠤᠮᠳᠠ ᠴᠢᠨᠠᠷ ᠰᠠᠶᠢᠳᠠᠢ ᠬᠦᠭᠵᠢᠯᠳᠠ ᠶᠢᠨ ᠱᠠᠭᠠᠷᠳᠠᠯᠭ᠎ᠠ ᠶᠢ ᠨᠡᠩ ᠰᠠᠶᠢᠨ ᠨᠠᠶᠢᠳᠠᠪᠤᠷᠢᠵᠢᠭᠤᠯᠬᠤ ᠭᠡᠷᠡᠭᠳᠠᠢ᠃ ᠤᠳᠤᠬᠠᠨ ᠤ ᠠᠵᠤ ᠠᠬᠤᠢ ᠶᠢᠨ ᠪᠠᠶᠢᠳᠠᠯ ᠤᠨ ᠪᠤᠳᠤᠯᠢᠶᠠᠨᠳᠠᠢ ᠪᠠ ᠬᠠᠳᠠᠭᠤ ᠪᠡᠷᠭᠡ ᠴᠢᠨᠠᠷ ᠢ ᠲᠤᠳᠤᠷᠬᠠᠢ ᠲᠠᠨᠢᠵᠤ᠂ ᠬᠠᠨᠭ᠍ᠭᠠᠯᠭ᠎ᠠ ᠭᠡᠷᠡᠭᠴᠡᠭᠡ ᠬᠤᠶᠠᠷ ᠲᠠᠯ᠎ᠡ ᠠᠴᠠ ᠬᠠᠮᠳᠤ ᠪᠠᠷ ᠬᠠᠮᠵᠢᠯᠴᠠᠨ ᠬᠦᠴᠤᠯᠠᠬᠦ ᠶᠢ ᠴᠢᠬᠤᠯᠠᠴᠢᠯᠠᠨ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾᠂ ︽ᠵᠢᠷᠭᠤᠭ᠎ᠠ ᠶᠢ ᠪᠠᠳᠤᠯᠠᠬᠤ︾ ᠠᠵᠢᠯ ᠢ ᠦᠷᠬᠦᠯᠵᠢᠯᠡᠨ ᠰᠠᠶᠢᠳᠤᠷ ᠬᠢᠵᠤ᠂ ᠠᠵᠤ ᠠᠬᠤᠢ ᠶᠢᠨ ᠦᠷᠬᠦᠯᠵᠢᠯᠡᠨ ᠰᠡᠷᠬᠦᠬᠦ ᠶᠢ ᠪᠦᠬᠦ ᠬᠦᠴᠤᠨ ᠢᠶᠠᠷ ᠠᠬᠢᠭᠤᠯᠬᠤ ᠭᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠲᠦᠷᠭᠡᠳᠭᠡᠨ ᠲᠡᠭᠡᠭᠰᠢᠯᠡᠬᠦᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠤᠷ ᠮᠤᠩᠭᠤᠯ ᠢ ᠮᠠᠨᠳᠤᠭᠤᠯᠬᠤ︾ ᠠᠵᠢᠯᠯᠠᠭ᠎ᠠ ᠶᠢ ᠭᠡᠷᠡᠭᠵᠢᠬᠦᠯᠬᠦ ᠪᠠᠷ ᠭᠠᠷᠳᠠᠴᠠ ᠪᠤᠯᠭᠠᠵᠤ᠂ ᠬᠤᠯᠪᠤᠬᠳᠠᠯ ᠪᠦᠬᠦᠢ ᠲᠠᠯ᠎ᠡ ᠯᠤᠭ᠎ᠠ ᠶᠢᠨ ᠰᠢᠨ᠎ᠡ ᠶᠢ ᠡᠬᠦᠳᠬᠦ ᠬᠤᠯᠪᠤᠯᠴᠠᠭ᠎ᠠ ᠪᠠ ᠰᠢᠨ᠎ᠡ ᠶᠢ ᠡᠬᠦᠳᠬᠦ ᠬᠠᠮᠳᠤᠷᠠᠯᠴᠠᠭ᠎ᠠ ᠶᠢ ᠢᠳᠡᠪᠬᠢᠳᠠᠢ ᠰᠠᠨᠠᠭᠠᠴᠢᠯᠠᠭ᠎ᠠ ᠲᠠᠢ ᠪᠠᠷ ᠴᠢᠩᠭᠠᠳᠬᠠᠵᠤ᠂ ᠠᠵᠤ ᠠᠬᠤᠢᠢᠯᠠᠯ ᠤᠨ ᠰᠢᠨ᠎ᠡ ᠶᠢ ᠡᠬᠦᠳᠬᠦ ᠭᠤᠤᠯ ᠴᠤᠬᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠬᠦᠳᠬᠦ ᠠᠮᠢᠵᠢᠷᠠᠯ ᠤᠨ ᠬᠦᠴᠤᠨ ᠢ ᠬᠠᠮᠤᠭ ᠤᠨ ᠶᠡᠭᠡ ᠬᠡᠮᠵᠢᠶ᠎ᠡ ᠪᠠᠷ ᠬᠦᠭᠵᠢᠭᠡᠬᠦ ᠭᠡᠷᠡᠭᠳᠠᠢ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠶᠡᠭᠡ ᠬᠦᠴᠤᠨ ᠢᠶᠠᠷ ᠰᠢᠯᠢᠳᠡᠭᠵᠢᠬᠦᠯᠵᠤ᠂ ᠡᠯ᠎ᠡ ᠲᠦᠷᠦᠯ ᠤᠨ ᠲᠤᠪᠤᠶᠢᠮ᠎ᠡ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠤ ᠬᠠᠳᠠᠭᠤ ᠠᠷᠭ᠎ᠠ ᠬᠡᠮᠵᠢᠶ᠎ᠡ ᠠᠪᠴᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ ᠡᠷᠡᠰ ᠬᠦᠴᠤᠳᠠᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠵᠤ᠂ ᠡᠯ᠎ᠡ ᠲᠦᠷᠤᠯ ᠤᠨ ᠵᠠᠬ᠎ᠠ ᠲᠡᠯᠭᠡᠬᠦᠷ ᠤᠨ ᠭᠤᠤᠯ ᠴᠤᠬᠴᠠ ᠶᠢᠨ ︽ᠲᠦᠭᠵᠢᠷᠡᠯ︾ ᠢ ᠨᠡᠪᠳᠡᠷᠡᠭᠦᠯᠵᠤ᠂ ︽ᠬᠦᠴᠢᠷᠳᠡᠯ︾ ᠢ ᠰᠢᠢᠳᠪᠤᠷᠢᠯᠡᠵᠤ᠂ ︽ᠡᠪᠡᠷᠰᠢᠶᠠᠯ︾ ᠢ ᠠᠷᠢᠯᠭᠠᠬᠤ ᠪᠠᠷ ᠬᠦᠴᠦᠯᠡᠬᠦ ᠭᠡᠷᠡᠭᠳᠠᠢ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠳᠤ ᠪᠤᠢ ᠪᠤᠯᠭᠠᠵᠤ᠂ ᠠᠷᠠᠳ ᠲᠦᠮᠡᠨ ᠤ ᠠᠮᠤᠷ ᠲᠤᠬᠳᠠᠭᠤᠨ ᠠᠵᠤ ᠲᠦᠷᠦᠬᠦ᠂ ᠠᠮᠤᠷ ᠲᠦᠪᠰᠢᠨ ᠬᠠᠯᠠᠭᠤᠨ ᠬᠦᠢᠳᠡᠨ ᠢ ᠢᠮᠠᠬᠳᠠ ᠰᠡᠳᠬᠢᠯ ᠳᠡᠭᠡᠨ ᠪᠤᠳᠤᠵᠤ᠂ ᠠᠷᠠᠳ ᠲᠦᠮᠡᠨ ᠤ ᠲᠤᠯᠭᠠᠮ ᠠᠰᠠᠭᠤᠳᠠᠯ ᠬᠦᠴᠢᠷᠳᠡᠯᠳᠠᠢ ᠠᠰᠠᠭᠤᠳᠠᠯ ᠵᠤᠪᠠᠨᠢᠵᠤ ᠪᠠᠶᠢᠭ᠎ᠠ ᠠᠰᠠᠭᠤᠳᠠᠯ ᠬᠦᠰᠡᠨ ᠡᠷᠡᠮᠡᠯᠵᠡᠵᠤ ᠪᠠᠶᠢᠭ᠎ᠠ ᠠᠰᠠᠭᠤᠳᠠᠯ ᠢ ᠦᠨᠡᠨ ᠰᠡᠳᠭᠢᠯ ᠠᠴᠠ ᠪᠠᠨ ᠬᠦᠴᠤᠯᠠᠨ ᠰᠠᠶᠢᠳᠤᠷ ᠰᠢᠢᠳᠪᠤᠷᠢᠯᠡᠬᠦ ᠭᠡᠷᠡᠭᠳᠠᠢ᠃ ᠬᠦᠭᠵᠢᠯᠳᠠ ᠪᠠ ᠠᠮᠤᠷ ᠲᠦᠪᠰᠢᠨ ᠬᠤᠶᠠᠷ ᠶᠡᠭᠡ ᠠᠰᠠᠭᠤᠳᠠᠯ ᠢ ᠰᠠᠶᠢᠳᠤᠷ ᠨᠢᠭᠡᠳᠤᠯᠳᠠᠢ ᠲᠦᠯᠦᠪᠵᠢᠬᠦᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠷ ᠬᠦᠭᠵᠢᠯᠳᠠ ᠶᠢ ᠲᠦᠯᠦᠪᠵᠢᠬᠦᠯᠬᠦ ᠶᠢ ᠢᠮᠠᠬᠳᠠ ᠪᠠᠷᠢᠮᠳᠠᠯᠠᠵᠤ᠂ ᠬᠦᠭᠵᠢᠯᠳᠠ ᠶᠢᠨ ᠲᠤᠮᠳᠠ ᠠᠮᠤᠷ ᠲᠦᠪᠰᠢᠨ ᠤ ᠬᠦᠴᠤᠨ ᠵᠦᠢᠯ ᠢ ᠬᠦᠢᠴᠡᠳ ᠪᠤᠳᠤᠯᠬᠢᠯᠠᠬᠤ ᠶᠢ ᠢᠮᠠᠬᠳᠠ ᠪᠠᠶᠠᠯᠡᠬᠦᠯᠬᠦ ᠭᠡᠷᠡᠭᠳᠠᠢ᠃ ᠺᠠᠳ᠋ᠷ ᠤᠨ ᠤᠪᠤᠷ ᠰᠤᠷᠳᠠᠯ ᠤᠨ ᠠᠰᠠᠭᠤᠳᠠᠯ ᠢ ᠤᠯᠤᠰ ᠲᠦᠷᠦ ᠶᠢᠨ ᠲᠠᠯ᠎ᠡ ᠠᠴᠠ ᠦᠵᠡᠵᠤ ᠰᠢᠢᠳᠪᠤᠷᠢᠯᠠᠨ᠂ ᠡᠷᠡᠰ ᠲᠠᠰᠤᠷᠬᠠᠢ ᠤᠪᠤᠷ ᠪᠠ ᠬᠦᠴᠤᠳᠠᠢ ᠠᠷᠭ᠎ᠠ ᠬᠡᠮᠵᠢᠶ᠎ᠡ ᠪᠠᠷ ᠭᠠᠵᠠᠷ ᠤᠷᠤᠨ ᠤ ᠤᠯᠤᠰ ᠲᠦᠷᠦ ᠶᠢᠨ ᠠᠮᠢ ᠠᠬᠤᠢ ᠶᠢ ᠰᠠᠶᠢᠵᠢᠷᠠᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ