ᠬᠥᠬᠡᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ
ᠨᠡᠶᠢᠲᠡᠯᠡᠭᠰᠡᠨ ᠴᠠᠭ᠄
2021/1/27

     2020 ᠣᠨ ᠳᠤ ᠬᠥᠬᠡᠬᠤᠲᠠ ᠶᠢᠨ ᠵᠢᠨᠴᠢᠶᠤᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ ︽ᠤᠯᠤᠰ ᠤᠨ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠥᠪᠥᠷ ᠮᠣᠩᠭᠤᠯ ᠤᠨ ᠢᠲᠡᠭᠡᠮᠵᠢ ᠶᠢᠨ ᠬᠤᠳᠠᠯᠳᠤᠭᠠᠴᠢᠳ ᠤᠨ ᠡᠪᠯᠡᠯ ︽ᠤᠯᠤᠰ ᠤᠨ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ︾ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠪᠡ᠂ ᠡᠨᠡ ᠨᠢ ᠮᠠᠨ ᠤ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃
     ᠣᠶᠢᠷ᠎ᠠ ᠶᠢᠨ ᠵᠢᠯ ᠲᠤᠷᠰᠢ᠂ ᠬᠥᠬᠡᠬᠤᠲᠠ ᠶᠢᠨ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠤᠬᠠᠢ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠤᠷᠢᠳ ᠬᠤᠵᠢᠳ ︽ᠬᠥᠬᠡᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ ᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾᠂ ︽ᠬᠥᠬᠡᠬᠤᠲᠠ ᠶᠢᠨ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠡᠯ᠎ᠡ ᠦᠶᠯᠡᠰ ᠴᠣᠭᠴᠠᠯᠠᠬᠤ ᠠᠴᠢᠶᠠᠯᠠᠪᠤᠷᠢ ᠶᠢᠨ ︽ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠬᠠᠮᠵᠢᠯᠴᠠᠨ ᠦᠶᠯᠡᠴᠢᠯᠡᠬᠦ︾ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠲᠠᠪᠴᠠᠩ ᠤᠨ ᠦᠶᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠪᠡ᠃ ᠡᠭᠦᠨ ᠤ ᠬᠠᠮᠲᠤ᠂ ᠵᠢᠯ ᠪᠦᠷᠢ ᠦᠶᠯᠡᠴᠢᠯᠡᠭᠡ ᠨᠢ ᠴᠢᠨᠠᠷ ᠰᠠᠶᠢᠲᠠᠶ᠂ ᠵᠢᠱᠢᠶ᠎ᠡ ᠦᠵᠡᠭᠦᠯᠦᠨ ᠳᠠᠶᠢᠴᠢᠯᠠᠬᠤ ᠦᠶᠯᠡᠳᠦᠯ ᠢᠶᠠᠷ ᠴᠢᠩᠭ᠎ᠠ ᠬᠤᠲᠠ ᠶᠢᠨ ᠱᠠᠲᠤᠨ ᠤ ᠰᠠᠭᠤᠷᠢᠨ ᠭᠠᠵᠠᠷ᠂ ᠲᠠᠪᠴᠠᠩ ᠢ ᠰᠣᠩᠭᠤᠨ ᠭᠤᠣᠯᠴᠢᠯᠠᠨ ᠪᠣᠶᠢᠵᠢᠭᠤᠯᠵᠤ᠂ ᠲᠡᠭᠦᠨ ᠢ ᠥᠪᠡᠷᠲᠡᠭᠡᠨ ᠵᠠᠰᠠᠬᠤ ᠣᠷᠣᠨ᠂ ᠤᠯᠤᠰ ᠤᠨ ᠲᠠᠰ ᠤᠨ ᠦᠶᠯᠡᠰ ᠴᠣᠭᠴᠠᠯᠠᠬᠤ ᠠᠴᠢᠶᠠᠯᠠᠪᠤᠷᠢ ᠪᠠᠷ ᠭᠤᠶᠤᠴᠢᠯᠠᠨ ᠮᠡᠳᠡᠭᠦᠯᠵᠦ᠂ ︽ᠤᠯᠤᠰ ᠨᠠᠷᠠᠲᠤ︾ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ 2020 ᠣᠨ ᠳᠤ᠂ ᠬᠥᠬᠡᠬᠤᠲᠠ ᠶᠢᠨ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ︽ᠬᠢᠵᠢᠭ ᠤᠨ ᠪᠠᠶᠢᠳᠠᠯ ᠢ ᠠᠷᠭᠠᠴᠠᠭᠠᠵᠤ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠲᠤᠬᠠᠶ ᠬᠥᠬᠡᠬᠤᠲᠠ ᠶᠢᠨ ᠵᠠᠰᠠᠭ ᠤᠨ ᠣᠷᠳᠣᠨ ᠤ ᠠᠷᠪᠠᠨ ᠲᠠᠪᠤᠨ ᠵᠤᠷᠪᠤᠰ ᠠᠷᠭ᠎ᠠ ᠬᠡᠮᠵᠢᠶ᠎ᠡ︾ ᠶᠢᠨ ᠵᠣᠷᠢᠭ ᠰᠠᠨᠠᠭ᠎ᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠭᠰᠠᠨ 5 ᠦᠶᠯᠡᠰ ᠴᠣᠭᠴᠠᠯᠠᠬᠤ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠳᠤ 2020 ᠣᠨ ᠤ ᠠᠳᠠᠯ ᠠᠬᠤᠶ ᠶᠢᠨ ᠵᠠᠷᠤᠳᠠᠯ ᠳᠤ ᠨᠢ 267 ᠲᠦᠮᠡᠨ ᠲᠥᠭᠦᠷᠢᠭ ᠤᠨ ᠨᠥᠬᠦᠪᠥᠷᠢ ᠥᠭᠴᠦ᠂ 353 ᠠᠵᠤ ᠠᠬᠤᠶᠢᠯᠠᠯ ᠳᠤ ᠠᠰᠢᠭ ᠬᠦᠷᠲᠡᠭᠡᠪᠡ᠃
     ᠣᠳᠣᠬᠠᠨ ᠪᠣᠯᠲᠠᠯ᠎ᠠ᠂ ᠬᠥᠬᠡᠬᠤᠲᠠ 28 ᠵᠢᠵᠢᠭ ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ︵ᠤᠯᠤᠰ ᠤᠨ ᠲᠠᠰ ᠤᠨ 2 ᠰᠠᠭᠤᠷᠢᠨ ᠭᠠᠵᠠᠷ︶ ᠢ ᠪᠠᠶᠢᠭᠤᠯᠵᠤ᠂ 36 ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ ︵ᠤᠯᠤᠰ ᠤᠨ ᠲᠠᠰ ᠤᠨ 3 ᠵᠢᠱᠢᠶ᠎ᠡ ᠦᠵᠡᠭᠦᠯᠬᠦ ᠲᠠᠪᠴᠠᠩ︶ ᠢ ᠦᠨᠡᠯᠡᠨ ᠲᠣᠭᠲᠠᠭᠠᠵᠤ᠂ ᠮᠡᠳᠡᠭᠡ ᠵᠠᠩᠭᠢ ᠰᠠᠭᠠᠳ ᠥᠬᠡᠶ ᠨᠡᠪᠲᠡᠷᠡᠭᠰᠡᠨ᠂ ᠴᠢᠳᠠᠮᠵᠢ ᠨᠢ ᠪᠦᠷᠢᠨ ᠲᠡᠭᠦᠯᠳᠡᠷ᠂ ᠦᠶᠯᠡᠴᠢᠯᠡᠭᠡ ᠨᠢ ᠬᠠᠮᠵᠢᠯᠴᠠᠭᠰᠠᠨ᠂ ᠨᠡᠯᠢᠶᠡᠳ ᠴᠢᠩᠭ᠎ᠠ ᠨᠡᠶᠢᠭᠡᠮ ᠤᠨ ᠨᠥᠯᠥᠭᠡᠯᠡᠬᠦ ᠬᠦᠴᠦᠨ ᠲᠠᠢ ᠳᠤᠮᠳᠠ ᠵᠢᠵᠢᠭ ᠠᠵᠤ ᠠᠬᠤᠶᠢᠯᠠᠯ ᠤᠨ ᠦᠶᠯᠡᠴᠢᠯᠡᠭᠡᠨ ᠤ ᠰᠢᠰᠲ᠋ᠧᠮ ᠤᠨ ᠪᠦᠲᠦᠴᠡ ᠶᠢ ᠪᠣᠶ ᠪᠣᠯᠭᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ