ᠪᠤᠭᠤᠲᠤ ᠬᠤᠲᠠ ᠶᠢᠨ ᠠᠵᠢᠯ ᠣᠯᠭᠤᠯᠲᠠ ᠶᠢ ᠲᠤᠰᠠᠯᠠᠨ ᠳᠡᠮᠵᠢᠬᠦ ᠰᠠᠷ᠎ᠠ ᠶᠢᠨ ᠲᠤᠰᠬᠠᠶ ᠲᠠᠯᠠᠪᠤᠷ ᠠᠵᠢᠯᠲᠠᠨ ᠡᠯᠰᠡᠬᠦ ᠴᠤᠭᠯᠠᠭᠠᠨ ᠳᠤ 1600 ᠭᠠᠷᠤᠶ ᠠᠵᠢᠯ  ᠤᠨ ᠪᠠᠶᠢᠷᠢ ᠲᠣᠳᠤᠷᠠᠪᠠ
ᠨᠡᠶᠢᠲᠡᠯᠡᠭᠰᠡᠨ ᠴᠠᠭ᠄
2021/1/27
     ︽ᠠᠵᠢᠯ ᠣᠯᠭᠤᠯᠲᠠ ᠶᠢ ᠬᠠᠪᠰᠤᠷᠤᠨ ᠲᠤᠰᠠᠯᠠᠵᠤ᠂ ᠦᠨᠡᠨ ᠰᠡᠳᠬᠢᠯ ᠢᠶᠠᠷ ᠬᠠᠪᠰᠤᠷᠤᠯᠴᠠᠬᠤ︾ 2021 ᠣᠨ ᠤ ᠪᠤᠭᠤᠲᠤ ᠬᠤᠲᠠ ᠶᠢᠨ ᠠᠵᠢᠯ ᠣᠯᠭᠤᠯᠲᠠ ᠶᠢ ᠲᠤᠰᠠᠯᠠᠨ ᠳᠡᠮᠵᠢᠬᠦ ᠰᠠᠷ᠎ᠠ ᠶᠢᠨ ᠭᠤᠤᠯ ᠰᠡᠳᠦᠪᠲᠦ ᠰᠦᠯᠵᠢᠶ᠎ᠡ ᠪᠠᠷ ᠠᠵᠢᠯᠲᠠᠨ ᠡᠯᠰᠡᠬᠦ ᠲᠤᠰᠬᠠᠶ ᠴᠤᠭᠯᠠᠭᠠᠨ 1 ᠳ᠋ᠦ᠋ᠭᠡᠷ ᠰᠠᠷ᠎ᠠ ᠶᠢᠨ ᠰᠢᠨᠡᠳ ᠢᠶᠠᠷ ᠡᠬᠢᠯᠡᠪᠡ᠂ ᠣᠲᠣ ᠪᠣᠯᠲᠠᠯ᠎ᠠ ᠨᠡᠶᠢᠲᠡ 43 ᠠᠵᠤ ᠠᠬᠤᠶᠢᠯᠠᠯ ᠬᠤᠷᠠᠯ ᠳᠤ ᠣᠷᠣᠯᠴᠠᠵᠤ᠂ 1607 ᠠᠵᠢᠯ ᠤᠨ ᠪᠠᠶᠢᠷᠢ ᠬᠠᠩᠭᠠᠵᠤ᠂ 258 ᠬᠥᠮᠦᠨ ᠰᠠᠨᠠᠮᠵᠢ ᠳᠣᠭᠢᠷᠠᠵᠠᠶ᠃      ᠠᠵᠢᠯᠯᠠᠭ᠎ᠠ ᠶᠢᠨ ᠬᠤᠭᠤᠴᠠᠭᠠᠨ ᠳᠤ᠂ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷ ᠠᠵᠢᠯᠲᠠᠨ ᠡᠯᠰᠡᠬᠦ ᠶᠢ ᠤᠶᠠᠯᠳᠤᠭᠤᠯᠤᠭᠰᠠᠨ ᠠᠵᠢᠯᠯᠠᠭ᠎ᠠ ᠦᠷᠨᠢᠭᠦᠯᠵᠦ᠂ ᠰᠦᠯᠵᠢᠶ᠎ᠡ ᠪᠠᠷ ︽ᠠᠵᠢᠯ ᠣᠯᠭᠤᠯᠲᠠ ᠶᠢᠨ ᠪᠤᠭᠤᠲᠤ︾ ᠪᠣᠯᠤᠨ ︽ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ︾ ᠸᠢᠴᠠᠲ ᠤᠨ ᠣᠯᠠᠨ ᠨᠡᠶᠢᠲᠡ ᠶᠢᠨ ᠨᠣᠮᠧᠷ ᠢ ᠠᠰᠢᠭᠯᠠᠨ ᠠᠵᠢᠯᠲᠠᠨ ᠡᠯᠰᠡᠬᠦ ᠮᠡᠳᠡᠭᠡ ᠵᠠᠩᠭᠢ ᠶᠢ ᠢᠳᠡᠪᠬᠢᠲᠡᠶ ᠳᠠᠮᠵᠢᠭᠤᠯᠵᠤ᠂ ᠤᠷᠢᠳ ᠬᠤᠵᠢᠳ 45 ᠠᠵᠤ ᠠᠬᠤᠶᠢᠯᠠᠯ ᠤᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢ 2034 ᠨᠡᠶᠢᠲᠡᠯᠡᠪᠡ᠃ ᠰᠦᠯᠵᠢᠶᠡᠨ ᠠᠴᠠ ᠭᠠᠳᠠᠭᠤᠷ ︽ᠵᠦᠭ ᠴᠢᠭᠯᠡᠯ ᠳᠤ ᠨᠢ ᠵᠣᠬᠢᠴᠠᠭᠤᠯᠬᠤ︾ ᠲᠤᠰᠬᠠᠶ ᠠᠵᠢᠯᠲᠠᠨ ᠡᠯᠰᠡᠬᠦ ᠴᠤᠭᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠤᠭᠤᠲᠤ ᠶᠢᠨ ᠠ ᠲᠧ ᠰᠧ ᠨᠠᠷᠠᠨ ᠤ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠪᠤᠭᠤᠲᠤ ᠬᠤᠲᠠ ᠶᠢᠨ ᠬᠠᠶ ᠫᠢᠩ ᠮᠢᠶᠠᠨ ᠥᠨᠳᠥᠷ ᠮᠤᠯᠧᠺᠦ᠋ᠯᠲᠤ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ ᠠᠵᠤ ᠠᠬᠤᠶᠢᠯᠠᠯ ᠤᠨ ᠠᠵᠢᠯᠲᠠᠨ ᠡᠯᠰᠡᠬᠦ ᠲᠤᠰᠬᠠᠶ ᠴᠤᠭᠯᠠᠭᠠᠨ ᠳᠡᠭᠡᠷ᠎ᠡ ᠨᠡᠶᠢᠲᠡ 123 ᠬᠥᠮᠦᠨ ᠠᠮᠵᠢᠯᠲᠠ ᠲᠠᠢ ᠤᠷᠢᠭᠳᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ