ᠱᠢ ᠲᠠᠢ ᠹᠧᠩ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠦᠷᠪᠡᠳᠤᠬᠡᠷ ᠬᠤᠷᠠᠯ ᠤᠨ ᠳᠤᠭᠤᠢᠢᠯᠠᠩ ᠬᠠᠮᠳᠤᠷᠠᠭᠰᠠᠨ ᠶᠠᠷᠢᠯᠴᠠᠭ᠎ᠠ ᠳᠤ ᠤᠷᠤᠯᠴᠠᠬᠤ ᠳᠠᠭᠠᠨ ᠴᠢᠬᠤᠯᠠᠴᠢᠯᠠᠬᠰᠠᠨ ᠨᠢ ᠭᠤᠤᠯᠳᠠᠯᠭ᠎ᠠ ᠪᠠ ᠶᠡᠭᠡ ᠳᠠᠯ᠎ᠠ ᠶᠢᠨ ᠳᠤᠭᠤᠷᠢᠨ ᠳᠤ ᠠᠵᠢᠯ ᠢᠶᠠᠨ ᠦᠷᠨᠢᠬᠦᠯᠬᠦ ᠴᠢᠳᠠᠪᠤᠷᠢ ᠪᠤᠯᠤᠨ ᠳᠦᠪᠰᠢᠨ ᠢᠶᠠᠨ ᠬᠦᠴᠦᠯᠡᠨ ᠳᠡᠬᠡᠭᠰᠢᠯᠡᠬᠦᠯᠵᠥ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ
ᠨᠡᠶᠢᠲᠡᠯᠡᠭᠰᠡᠨ ᠴᠠᠭ᠄
2021/1/28
     1 ᠰᠠᠷ᠎ᠠ ᠶᠢᠨ 27 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ  ᠤ ᠬᠤᠷᠢᠶᠠᠨ ᠤ ᠳᠦᠷᠪᠡᠳᠤᠬᠡᠷ ᠬᠤᠷᠠᠯ ᠤᠨ ᠠᠵᠥ ᠠᠬᠤᠢ ᠶᠢᠨ ᠡᠳᠡᠬᠡᠳ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠡᠳᠡᠬᠡᠳ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠨᠡᠶᠢᠬᠡᠮᠯᠢᠭ᠂ ᠨᠡᠶᠢᠬᠡᠮ ᠤᠨ ᠠᠰᠠᠷᠠᠮᠵᠢ ᠪᠠ ᠨᠡᠶᠢᠬᠡᠮ ᠤᠨ ᠪᠠᠳᠤᠯᠠᠭ᠎ᠠ ᠶᠢᠨ ᠡᠳᠡᠬᠡᠳ ᠤᠨ ᠬᠡᠰᠢᠬᠦᠳ ᠤᠨ ᠳᠤᠭᠤᠢᠢᠯᠠᠩ ᠬᠠᠮᠳᠤᠷᠠᠬᠰᠠᠨ ᠶᠠᠷᠢᠯᠴᠠᠭ᠎ᠠ ᠳᠤ ᠤᠷᠤᠯᠴᠠᠪᠠ᠃ ᠳᠡᠷᠡ᠂ ᠪᠦᠬᠦ ᠤᠷᠤᠨ ᠤ ᠡᠯ᠎ᠡ ᠱᠠᠳᠤᠨ ᠤ ᠤᠯᠤᠰ ᠳᠦᠷᠦ ᠶᠢᠨ ᠵᠦᠪᠯᠡᠯᠬᠡᠨ ᠤ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠭᠤᠤᠯᠳᠠᠯᠭ᠎ᠠ ᠪᠠ ᠶᠡᠭᠡ ᠳᠠᠯ᠎ᠠ ᠶᠢᠨ ᠳᠤᠭᠤᠷᠢᠨ ᠳᠤ ᠠᠵᠢᠯ ᠢᠶᠠᠨ ᠦᠷᠨᠢᠬᠦᠯᠬᠦ ᠴᠢᠳᠠᠪᠤᠷᠢ ᠪᠤᠯᠤᠨ ᠳᠦᠪᠰᠢᠨ ᠢᠶᠠᠨ ᠬᠦᠴᠦᠯᠡᠨ ᠳᠡᠬᠡᠭᠰᠢᠯᠡᠬᠦᠯᠵᠥ᠂ ᠳᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠳᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠵᠥ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
     ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠯᠢ ᠰᠢᠦ ᠯᠢᠩ᠂ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠳ᠋ᠤᠸᠠᠨ ᡁᠢ ᠴᠢᠶᠠᠩ᠂ ᠸᠠᠩ ᠵᠦᠩ ᠾᠧ᠂ ᠴᠠᠩ ᠵᠢᠶᠦ᠋ᠨ ᠵᠧᠩ ᠳᠤᠭᠤᠢᠢᠯᠠᠩ ᠬᠠᠮᠳᠤᠷᠠᠬᠰᠠᠨ ᠶᠠᠷᠢᠯᠴᠠᠭ᠎ᠠ ᠳᠤ ᠤᠷᠤᠯᠴᠠᠵᠠᠢ᠃      ᠵᠢᠶᠠ ᠵᠧᠨ ᠬᠦᠸᠧ᠂ ᠯᠢ ᠹᠧᠩ᠂ ᠳ᠋ᠦ᠋ ᠹᠧᠩ ᠯᠢᠶᠠᠨ᠂ ᠶᠠᠩ ᠶᠦᠩ ᠱᠧᠩ᠂ ᠶᠤᠤ ᠢ ᠫᠢᠩ᠂ ᡂᠢ ᠵᠢᠶᠠᠨ ᠢ᠂ ᠸᠠᠩ ᠹᠠᠩ᠂ ᠸᠠᠩ ᠶᠦᠨ ᠹᠧᠩ ᠵᠡᠷᠬᠡ 8 ᠬᠡᠰᠢᠬᠦᠨ ᠤᠷᠢᠳ ᠬᠤᠵᠢᠳ ᠦᠬᠡ ᠬᠡᠯᠡᠵᠥ᠂ ᠦᠪᠡᠷᠳᠡᠬᠡᠨ ᠵᠠᠰᠠᠬᠤ ᠤᠷᠤᠨ ᠤ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠳᠤᠮᠳᠠᠬᠢ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠳᠤᠭᠤᠷᠢᠨ ᠳᠤ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠭᠠᠷᠭᠠᠪᠠ᠃ ᠱᠢ ᠲᠠᠢ ᠹᠧᠩ ᠬᠡᠰᠢᠬᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠤ᠂ ᠬᠤᠯᠪᠤᠬᠳᠠᠯ ᠪᠦᠬᠦᠢ ᠠᠰᠠᠭᠤᠳᠠᠯ ᠤᠨ ᠳᠤᠬᠠᠢ ᠤᠯᠠᠨ ᠲᠠᠢ ᠪᠤᠳᠤᠯ ᠰᠠᠨᠠᠯ ᠢᠶᠠᠨ ᠬᠦᠨᠵᠡᠬᠡᠢ ᠰᠤᠯᠢᠯᠴᠠᠪᠠ᠃      ᠤᠯᠠᠨ ᠤ ᠶᠠᠷᠢᠬᠤ ᠶᠢ ᠰᠤᠨᠤᠰᠤᠬᠰᠠᠨ ᠤ ᠳᠠᠷᠠᠭ᠎ᠠ᠂ ᠱᠢ ᠲᠠᠢ ᠹᠧᠩ ᠡᠩ ᠲᠠᠷᠢᠬᠦᠨ ᠳᠤ ᠯᠢ ᠰᠢᠦ ᠯᠢᠩ ᠨᠦᠬᠦᠷ ᠤᠨ ᠬᠢᠭᠰᠡᠨ ᠤᠯᠤᠰ ᠳᠦᠷᠦ ᠶᠢᠨ ᠵᠦᠪᠯᠡᠯᠬᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠨᠢ ᠤᠯᠤᠰ ᠳᠦᠷᠦ ᠶᠢᠨ ᠵᠤᠬᠰᠤᠴᠠ ᠪᠠᠷ ᠦᠨᠳᠤᠷ᠂ ᠠᠮᠵᠢᠯᠲᠠ ᠪᠦᠳᠦᠮᠵᠢ ᠪᠠᠨ ᠳ᠋ᠦᠩᠨᠡᠭᠰᠡᠨ ᠨᠢ ᠪᠤᠳᠠᠳᠠᠢ᠂ ᠠᠰᠠᠭᠤᠳᠠᠯ ᠢ ᠵᠠᠳᠠᠯᠤᠬᠰᠠᠨ ᠨᠢ ᠤᠨᠤᠴᠠᠳᠠᠢ᠂ ᠠᠵᠢᠯ ᠢᠶᠠᠨ ᠪᠠᠶᠢᠷᠢᠯᠠᠭᠤᠯᠤᠬᠰᠠᠨ ᠰᠡᠳᠬᠢᠴᠡ ᠳᠤᠳᠤᠷᠬᠠᠢ᠂ ᠭᠤᠤᠯᠳᠠᠯᠭ᠎ᠠ ᠳᠤᠪᠤᠶᠢᠮ᠎ᠠ ᠪᠠᠶᠢᠵᠥ᠂ ᠳᠤᠬ ᠢ ᠦᠨᠳᠦᠷ ᠮᠠᠨᠳᠤᠭᠤᠯᠤᠭᠰᠠᠨ᠂ ᠳᠦᠪ ᠶᠤᠰᠤ ᠶᠢ ᠪᠠᠷᠢᠮᠳᠠᠯᠠᠨ ᠰᠢᠨ᠎ᠡ ᠶᠢ ᠡᠬᠦᠳᠦᠭᠰᠡᠨ᠂ ᠵᠠᠮ ᠨᠡᠬᠡᠬᠡᠨ ᠤᠷᠤᠬᠰᠢᠯᠠᠨ ᠳᠠᠪᠰᠢᠬᠰᠠᠨ ᠮᠡᠳᠡᠬᠦᠯᠦᠯᠳᠡ ᠪᠤᠯᠵᠠᠢ᠃ ᠦᠩᠬᠡᠷᠡᠭᠰᠡᠨ ᠨᠢᠬᠡ ᠵᠢᠯ ᠳᠤ᠂ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠳᠡᠷᠡᠯᠴᠡᠬᠦᠯᠬᠦ᠂ ᠠᠷᠭ᠎ᠠ ᠤᠬᠠᠭᠠᠨ ᠭᠠᠷᠭᠠᠨ ᠵᠠᠰᠠᠬ ᠲᠤ ᠳᠤᠰᠠᠯᠠᠬᠤ ᠪᠠ ᠬᠠᠮᠳᠤ ᠶᠢᠨ ᠳᠠᠨᠢᠯᠳᠠ ᠶᠢ ᠨᠢᠬᠳᠠᠷᠠᠭᠤᠯᠬᠤ ᠬᠤᠤᠰ ᠴᠢᠭᠯᠡᠯ ᠢᠶᠠᠷ ᠬᠦᠴᠦᠯᠡᠵᠥ᠂ ᠬᠠᠷᠢᠭᠤᠴᠠᠯᠭ᠎ᠠ ᠡᠬᠦᠷᠬᠡᠯᠡᠯ ᠢᠶᠠᠨ ᠴᠢᠩᠭᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠥ᠂ ᠦᠷᠬᠡᠨ ᠤᠯᠠᠨ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠳᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠨ᠂ ᠢᠳᠡᠪᠬᠢᠳᠡᠢ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠥ᠂ ᠬᠢᠵᠢᠭ ᠲᠠᠢ ᠳᠡᠮᠡᠴᠡᠬᠦ ᠠᠭᠤᠤ ᠶᠡᠭᠡ ᠳᠡᠮᠡᠴᠡᠯ ᠪᠤᠯᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠭᠠᠯ ᠬᠠᠯᠠᠭᠤᠨ ᠦᠢᠯᠡᠳᠦᠯᠬᠡ ᠳᠤ ᠢᠳᠡᠪᠬᠢᠳᠡᠢ ᠤᠷᠤᠯᠴᠠᠵᠥ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠳᠡ ᠳᠤ ᠴᠢᠬᠤᠯᠠ ᠬᠤᠪᠢ ᠨᠡᠮᠡᠷᠢ ᠦᠵᠡᠬᠦᠯᠵᠡᠢ ᠬᠡᠵᠤ ᠬᠡᠯᠡᠪᠡ᠃      ᠱᠢ ᠲᠠᠢ ᠹᠧᠩ᠂ ᠡᠨᠡ ᠵᠢᠯ ᠪᠤᠯ ᠤᠨᠴᠠᠭᠠᠢ ᠴᠢᠬᠤᠯᠠ ᠨᠢᠬᠡ ᠵᠢᠯ ᠪᠤᠯᠤᠨ᠎ᠠ᠂ ᠡᠯ᠎ᠡ ᠵᠦᠢᠯ ᠤᠨ ᠠᠵᠢᠯ ᠢ ᠰᠠᠶᠢᠳᠤᠷ ᠬᠢᠵᠥ᠂ ᠨᠢᠭᠡᠨᠲᠡ ᠳᠤᠬᠳᠠᠬᠰᠠᠨ ᠬᠠᠷᠠᠯᠳᠠ ᠪᠠᠨ ᠪᠡᠶᠡᠯᠡᠬᠦᠯᠬᠦ ᠳᠤ ᠤᠷᠤᠨ ᠳᠠᠶᠠᠭᠠᠷ ᠤᠨ ᠢᠳᠡᠬᠡᠯ ᠵᠤᠷᠢᠬ ᠢᠶᠠᠨ ᠪᠠᠳᠤᠳᠬᠠᠨ᠂ ᠰᠡᠳᠬᠢᠯ ᠨᠢᠬᠡᠳᠤᠨ ᠬᠦᠴᠦᠨ ᠢᠶᠠᠨ ᠬᠠᠮᠳᠤᠳᠬᠠᠵᠤ᠂ ᠰᠢᠷᠭᠠᠭᠤ ᠬᠠᠳᠠᠭᠤᠵᠢᠯᠳᠠᠢ ᠠᠵᠢᠯᠯᠠᠬᠤ ᠶᠢ ᠱᠠᠭᠠᠷᠳᠠᠨ᠎ᠡ᠃ ᠪᠦᠬᠦ ᠤᠷᠤᠨ ᠤ ᠡᠯ᠎ᠡ ᠱᠠᠳᠤᠨ ᠤ ᠤᠯᠤᠰ ᠳᠦᠷᠦ ᠶᠢᠨ ᠵᠦᠪᠯᠡᠯᠬᠡᠨ ᠤ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠨᠠᠮ ᠤᠨ ᠳᠦᠪ ᠬᠤᠷᠢᠶᠠᠨ ᠤ ᠰᠢᠨ᠎ᠡ ᠬᠦᠭᠵᠢᠯᠳᠡ ᠶᠢᠨ ᠱᠠᠳᠤ ᠶᠢ ᠤᠨᠤᠪᠴᠢᠳᠠᠢ ᠡᠵᠡᠮᠳᠡᠵᠤ᠂ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠢ ᠬᠦᠨᠵᠡᠬᠡᠢ ᠳᠤᠭᠤᠰᠢᠯᠠᠭᠤᠯᠬᠤ᠂ ᠰᠢᠨ᠎ᠡ ᠬᠦᠭᠵᠢᠯᠳᠡ ᠶᠢᠨ ᠪᠠᠶᠢᠷᠢᠰᠢᠯ ᠢ ᠳᠦᠷᠬᠡᠪᠴᠢᠯᠡᠨ ᠴᠤᠭᠴᠠᠯᠠᠬᠤ ᠳᠤᠬᠠᠢ ᠴᠢᠬᠤᠯᠠ ᠱᠠᠭᠠᠷᠳᠠᠯᠭ᠎ᠠ ᠶᠢ ᠬᠦᠨᠵᠡᠬᠡᠢ ᠰᠤᠷᠤᠯᠴᠠᠨ ᠦᠢᠯᠠᠭᠠᠵᠥ᠂ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠬᠦ ᠪᠠᠷ ᠦᠨᠡᠨ ᠬᠦ ᠠᠷᠭ᠎ᠠ ᠤᠬᠠᠭᠠᠨ ᠭᠠᠷᠭᠠᠵᠤ ᠬᠦᠴᠤᠨ ᠴᠢᠳᠠᠯ ᠢᠶᠠᠨ ᠡᠷᠬᠦᠵᠥ᠂ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠡᠢ᠃ ᠰᠢᠨ᠎ᠡ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠤᠯᠳᠠ ᠳᠤ ᠢᠳᠡᠪᠬᠢᠳᠡᠢ ᠤᠷᠤᠯᠴᠠᠵᠥ᠂ ︽ᠰᠢᠨᠵᠢᠯᠠᠬᠦ ᠤᠬᠠᠭᠠᠨ ᠲᠧᠭᠨᠢᠭ ᠮᠡᠷᠬᠡᠵᠢᠯ ᠢᠶᠠᠷ ᠦᠪᠦᠷ ᠮᠤᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠳᠦᠷᠦᠯ ᠵᠦᠢᠯ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ ᠨᠢᠬᠡ ᠴᠤᠬᠴᠠᠵᠢᠭᠤᠯᠤᠭᠰᠠᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠥ᠂ ᠪᠦᠬᠦ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠳᠡᠬᠡᠭᠰᠢᠯᠡᠬᠦᠯᠬᠦ ᠳᠠᠯ᠎ᠠ ᠪᠠᠷ ᠦᠨᠡᠨ ᠬᠦ ᠠᠷᠭ᠎ᠠ ᠤᠬᠠᠭᠠᠨ ᠭᠠᠷᠭᠠᠵᠤ ᠬᠦᠴᠤᠨ ᠴᠢᠳᠠᠯ ᠢᠶᠠᠨ ᠡᠷᠬᠦᠵᠥ᠂ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠡᠢ᠃ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠳᠡᠪᠬᠢᠳᠡᠢ ᠦᠢᠯᠡᠳᠦᠯᠬᠡᠵᠢᠬᠦᠯᠵᠥ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠷ ᠠᠵᠢᠯ ᠢᠶᠠᠨ ᠦᠷᠨᠢᠬᠦᠯᠬᠦ ᠴᠢᠬᠤᠯᠠ ᠬᠦᠴᠦᠯᠡᠬᠦ ᠴᠡᠭ ᠪᠤᠯᠭᠠᠨ᠂ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠳᠤ ᠬᠠᠪᠰᠤᠷᠤᠨ ᠠᠷᠠᠳ  ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠬᠦᠯᠵᠥ᠂ ᠦᠨᠳᠦᠰᠦᠳᠡᠨ ᠨᠦᠭᠦᠳ ᠤᠨ ᠠᠷᠠᠳ ᠳᠦᠮᠡᠨ ᠤ ᠰᠠᠶᠢᠨ ᠰᠠᠶᠢᠬᠠᠨ ᠠᠮᠢᠳᠤᠷᠠᠯ ᠤᠨ ᠳᠤᠬᠠᠢ ᠰᠢᠨ᠎ᠡ ᠬᠦᠰᠡᠯ ᠡᠷᠡᠮᠡᠯᠵᠡᠯ ᠢ ᠬᠠᠨᠭ᠍ᠭᠠᠬᠤ ᠳᠠᠯ᠎ᠡ ᠪᠠᠷ ᠦᠨᠡᠨ ᠬᠦ ᠠᠷᠭ᠎ᠠ ᠤᠬᠠᠭᠠᠨ ᠭᠠᠷᠭᠠᠨ ᠬᠦᠴᠤᠨ ᠴᠢᠳᠠᠯ ᠢᠶᠠᠨ ᠡᠷᠬᠦᠵᠥ᠂ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠱᠢ ᠲᠠᠢ ᠹᠧᠩ᠂ ᠬᠦᠮᠦᠨ ᠤ ᠰᠡᠳᠬᠢᠯ ᠪᠤᠯ ᠬᠠᠮᠤᠭ ᠤᠨ ᠶᠡᠭᠡ ᠤᠯᠤᠰ ᠳᠦᠷᠦ᠂ ᠬᠠᠮᠳᠤ ᠶᠢᠨ ᠳᠠᠨᠢᠯᠳᠠ ᠪᠤᠯ ᠴᠢᠷᠮᠠᠶᠢᠨ ᠳᠡᠮᠡᠴᠡᠬᠦ ᠶᠢᠨ ᠬᠦᠳᠡᠯᠬᠡᠬᠦ ᠬᠦᠴᠦᠨ ᠮᠦᠨ᠃ ᠪᠦᠬᠦ ᠤᠷᠤᠨ ᠤ ᠡᠯ᠎ᠡ ᠱᠠᠳᠤᠨ ᠤ ᠤᠯᠤᠰ ᠳᠦᠷᠦ ᠶᠢᠨ ᠵᠦᠪᠯᠡᠯᠬᠡᠨ ᠤ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠤᠯᠤᠰ ᠳᠦᠷᠦ ᠶᠢᠨ ᠵᠦᠪᠯᠡᠯᠬᠡᠨ  ᠤ ᠬᠡᠰᠢᠬᠦᠨ ᠰᠢ ᠶᠢᠨ ᠫᠢᠩ ᠤᠨ ᠰᠢᠨ᠎ᠠ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠬᠡᠬᠦᠳᠡᠭ ᠴᠡᠬᠡᠵᠢᠨ ᠳᠡᠭᠡᠨ ︽ᠬᠤᠶᠠᠷ ᠶᠡᠭᠡ ᠳᠠᠯ᠎ᠠ︾ ᠶᠢ ᠰᠢᠩᠬᠡᠬᠡᠨ ᠰᠡᠳᠬᠢᠯ ᠳᠡᠭᠡᠨ ︽ᠤᠯᠤᠰ ᠤᠨ ᠶᠡᠭᠡ ᠶᠠᠪᠤᠳᠠᠯ︾ ᠢ ᠲᠤᠩᠭᠠᠵᠤ᠂ ᠡᠷᠡᠰ ᠪᠠᠳᠤ ᠤᠬᠠᠮᠰᠠᠷ ᠲᠠᠢ ᠪᠠᠷ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠤᠨ᠂ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠦᠢᠯᠡᠰ ᠤᠨ ᠢᠮᠠᠬᠳᠠ ᠵᠦᠪ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠬᠤ ᠬᠡᠷᠡᠭᠳᠡᠢ᠃ ᠬᠠᠷᠢᠯᠴᠠᠭ᠎ᠠ ᠦᠷᠬᠡᠨ ᠳᠡᠯᠬᠡᠷ᠂ ᠳᠦᠯᠦᠬᠡᠯᠡᠬᠦ ᠴᠢᠨᠠᠷ ᠢᠶᠠᠷ ᠴᠢᠩᠭ᠎ᠠ᠂ ᠪᠠᠭᠳᠠᠭᠠᠮᠵᠢᠳᠤ ᠴᠢᠨᠠᠷ ᠢᠶᠠᠷ ᠶᠡᠭᠡ ᠪᠠᠶᠢᠲᠠᠭ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠥ᠂ ᠦᠪᠡᠷᠳᠡᠬᠡᠨ ᠵᠠᠰᠠᠬᠤ ᠤᠷᠤᠨ ᠤ ᠴᠢᠨᠠᠷ ᠰᠠᠶᠢᠳᠠᠢ ᠬᠦᠭᠵᠢᠯᠳᠡ ᠶᠢᠨ ᠭᠤᠤᠯᠳᠠᠯᠭ᠎ᠠ᠂ ᠬᠡᠯᠪᠡᠷᠢ ᠪᠠᠨ ᠬᠤᠪᠢᠷᠠᠭᠤᠯᠵᠥ ᠳᠡᠰ ᠳᠡᠪᠰᠢᠬᠦᠯᠬᠦ ᠶᠢᠨ ᠬᠦᠴᠢᠷᠳᠡᠯ᠂ ᠠᠵᠥ ᠠᠬᠤᠢ ᠶᠢᠨ ᠡᠷᠬᠢᠯᠳᠡ ᠶᠢᠨ ᠳᠦᠭᠵᠢᠷᠠᠯ᠂ ᠤᠯᠠᠨ ᠳᠦᠮᠡᠨ ᠤ ᠠᠩᠬᠠᠷᠴᠤ ᠪᠠᠶᠢᠭ᠎ᠠ ᠬᠠᠯᠠᠮᠰᠢᠯ ᠴᠡᠭ ᠤᠨ ᠲᠤᠭᠤᠷᠢᠨ ᠳᠤ ᠬᠦᠨᠵᠡᠬᠡᠢ ᠪᠠᠶᠢᠴᠠᠭᠠᠨ ᠰᠤᠳᠤᠯᠵᠥ᠂ ᠪᠤᠳᠠᠳᠠᠢ ᠶᠢ ᠡᠷᠬᠢᠮᠯᠡᠭᠰᠡᠨ ᠬᠡᠷᠡᠭᠵᠢᠬᠦᠯᠵᠥ ᠪᠤᠯᠬᠤᠢᠢᠴᠠ ᠠᠷᠭ᠎ᠠ ᠪᠤᠲᠤᠯᠭ᠎ᠠ ᠪᠠ ᠰᠠᠨᠠᠭᠤᠯᠭ᠎ᠠ ᠶᠢ ᠢᠳᠡᠪᠬᠢᠳᠡᠢ ᠳᠤᠷᠠᠳᠬᠤ ᠬᠡᠷᠡᠭᠳᠡᠢ᠃ ᠦᠵᠡᠯ ᠰᠠᠨᠠᠭ᠎ᠠ ᠤᠯᠤᠰ ᠳᠦᠷᠦ ᠶᠢᠨ ᠵᠢᠯᠤᠭᠤᠳᠤᠮᠵᠢ ᠪᠠᠨ ᠴᠢᠩᠭᠠᠳᠬᠠᠨ᠂ ᠨᠡᠶᠢᠬᠡᠮ ᠤᠨ ᠬᠠᠮᠳᠤ ᠶᠢᠨ ᠳᠠᠨᠢᠯᠳᠠ ᠶᠢ ᠦᠷᠬᠡᠨ ᠢᠶᠠᠷ ᠨᠢᠬᠳᠠᠷᠠᠭᠤᠯᠵᠥ᠂ ᠶᠡᠭᠡ ᠪᠦᠯᠬᠦᠮᠳᠡᠯ ᠶᠡᠭᠡ ᠬᠤᠯᠪᠤᠭᠠᠯᠠᠯ ᠳᠤᠮᠳᠠ ᠳᠡᠮᠡᠴᠡᠯ ᠤᠨ ᠬᠠᠮᠳᠤᠷᠠᠯ ᠬᠦᠴᠦᠨ ᠢ ᠳᠦᠪᠯᠡᠷᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ