1 ᠰᠠᠷ᠎ᠠ ᠶᠢᠨ 28 ᠤ ᠡᠳᠤᠷ᠂ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠥᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠪᠡᠳᠤᠬᠡᠷ ᠬᠤᠷᠠᠯ ᠤᠨ ᠰᠢᠯᠢ ᠶᠢᠨ ᠭᠤᠤᠯ ᠠᠶᠢᠮᠠᠭ ᠤᠨ ᠳᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ | ᠤᠷᠤᠯᠴᠠᠪᠠ᠃ ᠳᠡᠷᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ | ᠰᠤᠷᠤᠯᠴᠠᠨ ᠳᠤᠭᠤᠰᠢᠯᠠᠭᠤᠯᠵᠥ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦᠳᠡ ᠬᠤᠷᠠᠯ ᠪᠤᠯᠤᠨ ᠡᠨᠡ ᠤᠳᠠᠭ᠎ᠠ ᠶᠢᠨ ᠶᠡᠭᠡ ᠬᠤᠷᠠᠯ ᠤᠨ ᠮᠠᠨ ᠤ | ᠤᠷᠤᠨ ᠤ ︽ᠠᠷᠪᠠᠨ ᠳᠦᠷᠪᠡᠳᠤᠬᠡᠷ ᠳᠠᠪᠤᠨ ᠵᠢᠯ︾ ᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠳᠤᠬᠠᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠬᠡᠢ | ᠨᠠᠶᠢᠳᠠᠪᠤᠷᠢᠵᠢᠭᠤᠯᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠳᠠᠢ | ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠳᠤᠳᠠᠢ ᠰᠠᠶᠢᠳᠤᠷ ᠵᠠᠮᠨᠠᠬᠤ ᠬᠡᠷᠡᠭᠳᠡᠢ ᠭᠡᠵᠥ ᠴᠢᠬᠤᠯᠠᠴᠢᠯᠠᠪᠠ᠃ | | | | ᠯᠦᠸᠧ ᠬᠤ᠋ ᠽᠠᠢ᠂ ᠬᠤ᠋ ᠴᠧᠩ ᠳ᠋ᠦ᠋ᠩ᠂ ᠴᠡᠩᠬᠡᠯᠪᠠᠶᠠᠷ᠂ ᠴᠢᠯᠠᠭᠤ᠂ ᠯᠢᠦ ᡁᠢ ᠫᠢᠩ ᠵᠡᠷᠬᠡ ᠳᠦᠯᠦᠬᠡᠯᠡᠭᠴᠢ ᠤᠷᠢᠳ ᠬᠤᠵᠢᠳ ᠦᠭᠡ ᠬᠡᠯᠡᠪᠡ᠃ | ᠤᠯᠠᠨ ᠤ ᠶᠠᠷᠢᠬᠤ ᠶᠢ ᠰᠤᠨᠤᠰᠤᠬᠰᠠᠨ ᠤ ᠳᠠᠷᠠᠭ᠎ᠠ ᠱᠢ ᠲᠠᠢ ᠹᠧᠩ᠂ ᠨᠢᠳᠤᠨᠤᠨ ᠤ ᠵᠢᠯ ᠤᠨ ᠰᠡᠬᠦᠯᠴᠢ ᠪᠠᠷ ᠬᠤᠷᠠᠯᠳᠤᠭᠤᠯᠤᠬᠰᠠᠨ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦᠳᠡ ᠬᠤᠷᠠᠯ ᠵᠢᠴᠢ ᠪᠦᠬᠦ ᠤᠷᠤᠨ ᠤ ᠠᠵᠥ ᠠᠬᠤᠢ | ᠶᠢᠨ ᠠᠵᠢᠯ ᠤᠨ ᠬᠤᠷᠠᠯ ᠠᠴᠠ ︽ᠠᠷᠪᠠᠨ ᠳᠦᠷᠪᠡᠳᠤᠬᠡᠷ ᠲᠠᠪᠤᠨ ᠵᠢᠯ︾ ᠪᠣᠯᠣᠨ ᠡᠨᠡ ᠵᠢᠯ ᠤᠨ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠵᠢᠯ ᠢ ᠳᠤᠬᠢᠷᠠᠭᠤᠯᠤᠨ ᠪᠠᠶᠢᠷᠢᠯᠠᠭᠤᠯᠪᠡ᠂ ᠰᠢᠯᠢ ᠶᠢᠨ ᠭᠤᠤᠯ ᠠᠶᠢᠮᠠᠭ ᠤᠨ ᠬᠢᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠥ᠂ ᠭᠤᠤᠯ ᠴᠤᠬᠴᠠ ᠶᠢᠨ ᠴᠢᠳᠠᠮᠵᠢᠳᠤ ᠤᠷᠤᠨ ᠤ ᠪᠠᠶᠢᠷᠢ ᠳᠤᠬᠳᠠᠭᠠᠯᠳᠠ ᠳᠤ ᠰᠠᠭᠤᠷᠢᠯᠠᠨ ᠬᠦᠭᠵᠢᠯᠳᠡ | ᠪᠠᠨ ᠳᠦᠯᠦᠪᠵᠢᠬᠦᠯᠦᠨ ᠠᠬᠢᠭᠤᠯᠵᠥ᠂ ᠶᠠᠭᠤ ᠶᠢ ᠡᠷᠬᠡᠪᠰᠢ ᠬᠢᠬᠦ᠂ ᠶᠠᠭᠤ ᠶᠢ ᠤᠷᠢᠳ ᠢᠶᠠᠷ ᠬᠢᠬᠦ᠂ ᠶᠠᠭᠤ ᠶᠢ ᠭᠤᠤᠯᠲᠠᠯᠭ᠎ᠠ ᠲᠠᠢ ᠬᠢᠬᠦ᠂ ᠶᠠᠭᠤ ᠬᠢᠬᠦ ᠶᠢ | ᠬᠤᠷᠢᠬᠯᠠᠬᠤ᠂ ᠶᠠᠭᠤ ᠬᠢᠬᠦ ᠶᠢ ᠴᠠᠭᠠᠵᠠᠯᠠᠬᠤ ᠳᠤᠬᠠᠢ ᠳᠣᠲᠣᠷ᠎ᠠ ᠪᠠᠨ ᠳᠤᠭ᠎ᠠ ᠲᠠᠢ ᠪᠠᠶᠢᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠬᠡᠢ | ᠬᠦᠭᠵᠢᠬᠦᠯᠬᠦ ᠤᠳᠤᠷᠢᠳᠤᠮᠵᠢ ᠶᠢ ᠪᠦᠬᠦ ᠲᠠᠯ᠎ᠠ ᠪᠠᠷ ᠤᠨᠤᠴᠠᠳᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠱᠢ ᠲᠠᠢ ᠹᠧᠩ᠂ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠶᠢᠨ ᠪᠦᠳᠦᠬᠡᠨ | ᠪᠠᠶᠢᠭᠤᠯᠤᠯᠳᠠ ᠶᠢ ᠰᠠᠶᠢᠳᠤᠷ ᠠᠳᠬᠤᠵᠥ᠂ ᠰᠢᠯᠢ ᠶᠢᠨ ᠭᠤᠣᠯ ᠤᠨ ᠡᠨᠡ ᠬᠦ ᠦᠷᠬᠡᠨ ᠠᠭᠤᠳᠠᠮ ᠰᠦᠷᠯᠢᠭ ᠰᠠᠶᠢᠬᠠᠨ ᠲᠠᠯ᠎ᠠ ᠨᠤᠳᠤᠬ ᠢ ᠡᠷᠡᠰ ᠲᠠᠰᠤ ᠰᠠᠶᠢᠳᠤᠷ | ᠰᠠᠬᠢᠨ ᠬᠠᠮᠠᠭᠠᠯᠠᠬᠤ ᠬᠡᠷᠡᠭᠳᠡᠢ᠃ ᠤᠯᠤᠰ ᠤᠨ ᠭᠠᠵᠠᠷ ᠰᠢᠷᠣᠢ ᠶᠢᠨ ᠤᠷᠤᠨ ᠵᠠᠢ ᠶᠢᠨ ᠳᠦᠯᠦᠪᠵᠢᠬᠦᠯᠬᠡ ᠶᠢ ᠴᠢᠩᠭ᠎ᠠ ᠬᠢᠨᠠᠮᠠᠭᠠᠢ ᠨᠠᠶᠢᠳᠠᠪᠤᠷᠢᠵᠢᠭᠤᠯᠵᠥ᠂ ᠠᠮᠢ | ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠡᠷᠡᠰ ᠲᠠᠰᠤ ᠰᠠᠶᠢᠳᠤᠷ ᠰᠠᠬᠢᠵᠥ᠂ ᠭᠤᠣᠯ ᠴᠢᠳᠠᠮᠵᠢ ᠶᠢᠨ ᠤᠷᠤᠨ᠂ ᠰᠡᠷᠬᠡᠭ ᠤᠷᠤᠨ ᠪᠤᠯᠤᠨ ᠬᠡᠪᠡᠷᠡᠭ | ᠤᠷᠤᠨ ᠳᠤ ᠬᠠᠮᠤᠭ ᠤᠨ ᠴᠢᠩᠭ᠎ᠠ ᠬᠠᠮᠢᠶᠠᠷᠤᠯᠳᠠ ᠡᠵᠡᠮᠳᠡᠯ ᠢ ᠬᠡᠷᠡᠭᠵᠢᠬᠦᠯᠵᠤ᠂ ᠲᠠᠯ᠎ᠠ ᠨᠤᠳᠤᠭ ᠲᠤ ᠰᠢᠨ᠎ᠡ ᠪᠠᠷ ᠠᠭᠤᠷᠬᠠᠢ ᠨᠡᠬᠡᠬᠡᠬᠦ ᠳᠦᠷᠦᠯ ᠵᠦᠢᠯ | ᠬᠡᠷᠡᠭᠵᠢᠭᠦᠯᠬᠦ ᠶᠢ ᠲᠠᠰᠦ ᠵᠦᠪᠰᠢᠶᠡᠷᠡᠬᠦ ᠦᠬᠡᠢ ᠪᠠᠶᠢᠬᠤ ᠬᠡᠷᠡᠭᠳᠡᠢ᠃ ᠮᠠᠯ ᠪᠡᠯᠴᠢᠭᠡᠷ ᠤᠨ ᠳᠡᠩᠴᠡᠬᠦᠷᠢ᠂ ᠰᠡᠯᠬᠦᠨ ᠮᠠᠯᠵᠢᠵᠥ ᠪᠡᠯᠴᠢᠬᠡᠷ ᠢ ᠰᠡᠷᠬᠦᠬᠡᠬᠦ᠂ | ᠪᠡᠯᠴᠢᠬᠡᠷᠯᠡᠬᠦᠯᠬᠦ ᠶᠢ ᠵᠤᠬᠰᠤᠭᠠᠵᠥ ᠪᠡᠯᠴᠢᠬᠡᠷ ᠢ ᠰᠡᠷᠬᠦᠬᠡᠬᠦ ᠵᠡᠷᠬᠡ ᠳᠦᠷᠢᠮ ᠲᠣᠭᠲᠠᠭᠠᠯ ᠤᠨ ᠲᠤᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠥ᠂ ᠮᠠᠯ ᠪᠡᠯᠴᠢᠬᠡᠷ ᠤᠨ | ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠳᠤᠬᠳᠠᠭᠠᠵᠥ᠂ ᠬᠢᠨᠠᠨ ᠪᠠᠶᠢᠴᠠᠭᠠᠵᠥ ᠬᠢᠨᠠᠨ ᠬᠠᠮᠢᠶᠠᠷᠬᠤ ᠪᠠᠨ ᠴᠢᠩᠭᠠᠳᠬᠠᠨ᠂ ᠨᠤᠳᠤᠭ ᠪᠡᠯᠴᠢᠭᠡᠷ ᠢ ᠰᠡᠷᠬᠦᠬᠡᠨ | ᠰᠠᠶᠢᠵᠢᠷᠠᠭᠤᠯᠬᠤ ᠬᠡᠷᠡᠭᠳᠡᠢ᠃ ᠠᠮᠢ ᠠᠬᠤᠢ ᠶᠢᠨ ᠰᠢᠰᠲ᠋ᠧᠮ ᠤᠨ ᠳᠤᠳᠤᠭᠠᠳᠤ ᠵᠦᠢ ᠲᠣᠭᠲᠠᠯ ᠪᠠ ᠵᠢᠮ᠎ᠡ ᠶᠣᠰᠣ ᠶᠢ ᠵᠢᠷᠤᠮᠯᠠᠨ᠂ ᠠᠳᠠᠯᠢ ᠪᠤᠰᠤ ᠤᠷᠤᠨ ᠪᠦᠰᠡ᠂ | ᠠᠳᠠᠯᠢ ᠪᠤᠰᠤ ᠳᠠᠭᠠᠭᠠᠴᠠ ᠶᠢᠨ ᠴᠢᠳᠠᠪᠤᠷᠢ᠂ ᠠᠳᠠᠯᠢ ᠪᠤᠰᠤ ᠬᠡᠮᠵᠢᠶ᠎ᠡ ᠪᠠᠷ ᠮᠠᠭᠤᠵᠢᠷᠠᠬᠰᠠᠨ ᠨᠤᠳᠤᠬ ᠪᠡᠯᠴᠢᠬᠡᠷ ᠲᠤ ᠳᠦᠷᠦᠯ ᠬᠤᠪᠢᠶᠠᠨ ᠠᠷᠭ᠎ᠠ ᠪᠤᠳᠤᠯᠭ᠎ᠠ | ᠬᠡᠷᠡᠭᠵᠢᠬᠦᠯᠵᠥ᠂ ᠰᠢᠨᠵᠢᠯᠡᠬᠦ ᠤᠬᠠᠭᠠᠨᠴᠢ ᠪᠤᠰᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠴᠠ ᠪᠣᠯᠵᠤ ᠨᠤᠳᠤᠭ ᠪᠡᠯᠴᠢᠬᠡᠷ ᠮᠠᠭᠤᠳᠠᠬᠤ ᠠᠰᠠᠭᠤᠳᠠᠯ ᠡᠬᠦᠰᠬᠦ ᠶᠢ | ᠰᠡᠷᠭᠡᠶᠢᠯᠡᠨ ᠬᠤᠷᠢᠬᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠱᠢ ᠲᠠᠢ ᠹᠧᠩ᠂ ᠤᠳᠤ ᠦᠶ᠎ᠡ ᠶᠢᠨ ᠮᠠᠯ ᠠᠵᠥ ᠠᠬᠤᠢ ᠶᠢᠨ ᠬᠦᠭᠵᠢᠯᠳᠡ ᠶᠢ ᠳᠦᠷᠬᠡᠳᠭᠡᠨ ᠠᠬᠢᠭᠤᠯᠵᠥ᠂ ᠡᠷᠴᠢᠮᠵᠢᠭᠰᠡᠨ ᠦᠨᠳᠤᠷ ᠦᠷ᠎ᠡ ᠠᠰᠢᠬ ᠲᠠᠢ᠂ | ᠴᠢᠨᠠᠷᠯᠢᠭ ᠳᠡᠬᠡᠳᠤ ᠳᠡᠰ ᠤᠨ ᠪᠤᠯᠭᠠᠬᠤ ᠪᠠᠷ ᠦᠷᠬᠦᠯᠵᠢᠯᠡᠨ ᠬᠦᠴᠦᠯᠡᠵᠥ᠂ ᠪᠦᠳᠦᠬᠡᠭᠳᠡᠬᠦᠨ ᠤ ᠨᠡᠮᠡᠯᠳᠡ ᠦᠷᠳᠡᠭ ᠢ ᠳᠠᠰᠤᠷᠠᠯᠳᠠ ᠦᠬᠡᠢ ᠳᠡᠬᠡᠭᠰᠢᠯᠡᠬᠦᠯᠤᠨ᠂ | ᠳᠦᠷᠦᠯ ᠳᠡᠮᠳᠡᠭ ᠤᠨ ᠰᠢᠨ᠎ᠡ ᠳᠠᠪᠠᠭᠤᠯᠢᠭ ᠢ ᠡᠬᠦᠳᠴᠤ᠂ ᠦᠪᠡᠷᠳᠡᠬᠡᠨ ᠵᠠᠰᠠᠬᠤ ᠤᠷᠤᠨ ᠤ ᠮᠠᠯ ᠠᠰᠢᠬ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠳᠠᠢ ᠪᠠᠷ ᠪᠦᠳᠦᠬᠡᠨ ᠪᠠᠶᠢᠭᠤᠯᠬᠤ ︽ᠲᠦᠷᠦᠭᠦᠴᠢ ᠭᠠᠯᠠᠭᠤ︾ ᠪᠤᠯᠬᠤ ᠬᠡᠷᠡᠭᠳᠡᠢ᠃ ᠮᠠᠯ ᠠᠵᠥ ᠠᠬᠤᠢ ᠶᠢᠨ | ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠶᠢ ᠳᠦᠷᠬᠡᠪᠴᠢᠯᠡᠨ ᠬᠤᠪᠢᠷᠠᠭᠤᠯᠵᠥ᠂ ᠳᠤᠮᠤ ᠬᠡᠯᠪᠡᠷᠢ ᠶᠢᠨ ᠳᠠᠭᠠᠭᠤᠯᠤᠬᠴᠢ ᠠᠵᠥ ᠠᠬᠤᠶᠢᠯᠠᠯ ᠢ ᠢᠳᠡᠪᠬᠢᠳᠡᠢ | ᠪᠤᠶᠢᠵᠢᠭᠤᠯᠬᠤ ᠪᠠ ᠤᠷᠢᠨ ᠤᠷᠤᠭᠤᠯᠵᠥ᠂ ᠦᠢᠯᠡᠳᠪᠦᠷᠢᠯᠡᠯ ᠤᠨ ᠭᠠᠷ ᠤᠷᠠᠯᠠᠯ ᠪᠤᠯᠤᠨ ᠦᠢᠯᠡᠳᠬᠦᠨ ᠤ ᠶᠠᠰᠤ ᠴᠢᠨᠠᠷ ᠢ ᠴᠢᠨᠠᠬᠰᠢᠳᠠ ᠳᠡᠬᠡᠭᠰᠢᠯᠡᠬᠦᠯᠤᠨ᠂ | ᠬᠠᠩᠭᠠᠯᠭ᠎ᠠ ᠬᠡᠷᠡᠭᠴᠡᠭᠡ ᠨᠡᠩ ᠵᠤᠬᠢᠴᠠᠯ ᠲᠠᠢ ᠪᠤᠯᠬᠤ᠂ ᠦᠢᠯᠡᠳᠬᠦᠨ ᠨᠡᠩ ᠨᠠᠷᠢᠯᠢᠬᠵᠢᠬᠤ᠂ ᠦᠢᠯᠡᠳᠪᠦᠷᠢᠯᠡᠯ ᠨᠡᠩ ᠡᠷᠴᠢᠮᠵᠢᠭᠦ ᠶᠢ ᠠᠬᠢᠭᠤᠯᠵᠥ᠂ ᠰᠢᠯᠢ ᠶᠢᠨ | ᠭᠤᠣᠯ ᠤᠨ ᠪᠤᠬᠢᠷᠳᠤᠯ ᠦᠬᠡᠢ ᠮᠠᠯ ᠤᠨ ᠠᠰᠢᠬ ᠰᠢᠮ᠎ᠡ ᠶᠢ ᠡᠬᠡ ᠤᠯᠤᠰ ᠤᠨ ᠡᠯ᠎ᠡ ᠭᠠᠵᠠᠷ ᠲᠤ ᠪᠤᠷᠤᠯᠠᠭᠤᠯᠵᠤ᠂ ᠳᠡᠬᠡᠳᠤ ᠳᠡᠰ ᠤᠨ ᠵᠠᠬ᠎ᠠ ᠳᠡᠯᠬᠡᠬᠦᠷ ᠲᠤ ᠭᠠᠷᠭᠠᠬᠤ | ᠬᠡᠷᠡᠭᠳᠡᠢ ᠬᠡᠵᠥ ᠴᠢᠬᠤᠯᠠᠴᠢᠯᠠᠪᠠ᠃ | ᠱᠢ ᠲᠠᠢ ᠹᠧᠩ᠂ ᠳᠤᠮᠳᠠᠳᠤ ᠶᠢᠨ ᠦᠨᠳᠦᠰᠦᠲᠡᠨ ᠤ ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠤᠯ ᠰᠢᠵᠢᠮ ᠪᠤᠯᠭᠠᠨ ᠰᠢᠨ᠎ᠡ ᠴᠠᠬ | ᠦᠶ᠎ᠡ ᠶᠢᠨ ᠦᠨᠳᠦᠰᠦᠳᠡᠨ ᠤ ᠠᠵᠢᠯ ᠢ ᠰᠠᠶᠢᠳᠤᠷ ᠬᠢᠵᠥ᠂ ᠨᠠᠮ ᠤᠨ ᠦᠨᠳᠦᠰᠦᠳᠡᠨ ᠤ ᠤᠨᠤᠯ ᠳᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠵᠦᠪ ᠣᠨᠣᠪᠴᠢᠲᠠᠢ | ᠡᠵᠡᠮᠳᠡᠬᠦ ᠪᠠ ᠳᠤᠭᠤᠰᠢᠯᠠᠭᠤᠯᠵᠥ᠂ ᠡᠯ᠎ᠡ ᠲᠥᠷᠥᠯ ᠤᠨ ᠴᠡᠭᠴᠡᠯᠡᠨ ᠰᠠᠶᠢᠵᠢᠷᠠᠭᠤᠯᠬᠤ ᠡᠬᠦᠷᠬᠡ ᠪᠣᠯᠣᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠡᠷᠡᠰ ᠲᠠᠰᠤ ᠴᠢᠩᠭ᠎ᠠ ᠬᠦᠴᠦᠨ ᠲᠠᠢ ᠰᠠᠶᠢᠳᠤᠷ ᠠᠳᠬᠤᠵᠥ᠂ ᠪᠣᠳᠠᠲᠤ ᠦᠢᠯᠡ ᠠᠵᠢᠯᠯᠠᠭ᠎ᠠ ᠪᠣᠯᠣᠨ ᠦᠷ᠎ᠡ ᠪᠦᠲᠦᠮᠵᠢ ᠪᠠᠷ ᠢᠶᠠᠨ ᠤᠯᠤᠰ | ᠳᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠳᠦᠷᠦ ᠶᠢᠨ ᠦᠢᠯᠠᠭᠠᠨ ᠡᠵᠡᠮᠰᠢᠬᠦ ᠴᠢᠳᠠᠪᠤᠷᠢ᠂ ᠤᠯᠤᠰ ᠳᠦᠷᠦ ᠶᠢᠨ ᠬᠡᠷᠡᠭᠵᠢᠬᠦᠯᠬᠦ ᠴᠢᠳᠠᠪᠤᠷᠢ ᠪᠠᠨ ᠢᠯᠡᠷᠡᠬᠦᠯᠬᠦ | ᠬᠡᠷᠡᠭᠳᠡᠢ᠃ ᠡᠯ᠎ᠡ ᠱᠠᠳᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢᠳ ᠦᠪᠡᠷ ᠤᠨ ᠤᠯᠤᠰ ᠳᠦᠷᠦ ᠶᠢᠨ ᠪᠡᠶ᠎ᠡ ᠶᠢᠨ ᠭᠠᠷᠤᠯ | ᠪᠤᠯᠤᠨ ᠤᠯᠤᠰ ᠳᠦᠷᠦ ᠶᠢᠨ ᠬᠠᠷᠢᠭᠤᠴᠠᠯᠭ᠎ᠠ ᠪᠠᠨ ᠢᠮᠠᠬᠳᠠ ᠪᠠᠳᠤ ᠴᠡᠬᠡᠵᠢᠯᠡᠵᠥ᠂ ︽ᠤᠯᠤᠰ ᠤᠨ ᠶᠡᠭᠡ ᠶᠠᠪᠤᠳᠠᠯ︾ ᠳᠤ ᠳᠣᠲᠣᠷ᠎ᠠ ᠪᠠᠨ ᠲᠤᠭ᠎ᠠ ᠲᠠᠢ ᠪᠠᠶᠢᠵᠤ᠂ | ᠳᠤᠬ ᠳᠡᠮᠳᠡᠭ ᠳᠤᠳᠤᠷᠬᠠᠢ ᠪᠠᠷ ᠤᠯᠤᠰ ᠳᠦᠷᠦ ᠶᠢ ᠡᠷᠬᠢᠮᠯᠡᠨ᠂ ᠵᠠᠩᠬᠢᠯᠠᠭ᠎ᠠ ᠶᠢᠨ ᠦᠶ᠎ᠡ ᠳᠤ ᠵᠤᠷᠢᠬᠳᠠᠢ ᠪᠠᠷ ᠡᠭᠦᠷᠭᠡᠯᠡᠨ ᠵᠣᠷᠢᠭᠲᠠᠢ ᠪᠠᠷ ᠳᠡᠮᠡᠴᠡᠵᠥ᠂ ᠲᠦᠷᠦᠭᠦᠯᠡᠨ | ᠨᠠᠮ ᠤᠨ ᠳᠦᠷᠦ ᠶᠢᠨ ᠪᠤᠳᠤᠯᠭ᠎ᠠ ᠶᠢ ᠬᠦᠷᠢᠶᠡᠯᠡᠬᠦ ᠲᠠᠯ᠎ᠠ ᠪᠠᠷ ᠢᠮᠠᠭᠲᠠ ᠳᠠᠭᠤᠷᠢᠶᠠᠯ ᠪᠤᠯᠵᠥ᠂ ᠲᠦᠷᠦᠬᠦᠯᠡᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠳᠠᠭᠤᠷᠢᠶᠠᠯ ᠪᠤᠯᠵᠥ᠂ ᠲᠦᠷᠦᠬᠦᠯᠡᠨ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ ᠲᠠᠯ᠎ᠠ ᠪᠠᠷ ᠳᠠᠭᠤᠷᠢᠶᠠᠯ ᠪᠤᠯᠵᠥ᠂ ᠲᠦᠷᠦᠬᠦᠯᠡᠨ | ᠤᠯᠠᠨ ᠳᠦᠮᠡᠨ ᠤ ᠦᠵᠡᠯ ᠰᠠᠨᠠᠭᠠᠨ ᠤ ᠠᠵᠢᠯ ᠢ ᠬᠢᠬᠦ ᠲᠠᠯ᠎ᠠ ᠪᠠᠷ ᠳᠠᠭᠤᠷᠢᠶᠠᠯ ᠪᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | | |