ᠡᠷᠢᠶᠡᠨ ᠬᠤᠲᠠ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠵᠠᠩᠭᠢᠯᠠᠭ᠎ᠠ ᠶᠢ ᠳᠣᠪᠣᠶᠢᠯᠭᠠᠨ ᠪᠥᠬᠦ ᠲᠠᠯ᠎ᠠ ᠪᠠᠷ ᠲᠣᠳᠣᠷᠬᠠᠶ ᠪᠣᠯᠭᠠᠵᠤ 2021 ᠣᠨ  ᠤ ᠠᠵᠤ ᠠᠬᠤᠶ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2021/1/29
     ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠶᠢ ᠬᠡᠪ ᠤᠨ ᠶᠣᠰᠣᠭᠠᠷ ᠰᠠᠶᠢᠲᠤᠷ ᠠᠳᠬᠤᠵᠤ ᠪᠤᠢ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ ᠶᠢ ᠵᠡᠷᠭᠡ ᠳᠤ ᠨᠢ ᠠᠳᠬᠤᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠤᠷᠢᠭᠯᠠᠬᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ︽ᠤᠯᠤᠰ ᠤᠨ ᠡᠭᠦᠳᠡ︾ ᠠᠴᠠ ︽ᠭᠡᠷ ᠤᠨ ᠡᠭᠦᠳᠡ︾ ᠬᠦᠷᠲᠡᠯᠡᠬᠢ ᠪᠦᠬᠦ ᠬᠡᠯᠬᠢᠶ᠎ᠡ ᠪᠠᠷ ᠬᠠᠮᠢᠶᠠᠷᠤᠯᠲᠠ ᠡᠵᠡᠮᠳᠡᠬᠦ ᠶᠢ ᠴᠢᠩᠭᠠᠳᠬᠠᠵᠤ᠂ ᠵᠠᠪᠰᠠᠷ ᠦᠭᠡᠢ ᠵᠣᠯᠭᠠᠭᠤᠯᠬᠤ ᠪᠠ ᠪᠢᠲᠡᠭᠦᠮᠵᠢᠯᠡᠨ ᠡᠷᠭᠢᠯᠳᠦᠭᠦᠯᠬᠦ ᠶᠢ ᠪᠠᠲᠤᠯᠠᠵᠤ᠂ ︽ᠳᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ︽ᠲᠠᠪᠤᠨ ᠶᠢ ᠪᠦᠷᠢᠳᠦᠭᠦᠯᠵᠦ ᠭᠤᠷᠪᠠ ᠶᠢ ᠴᠢᠩᠭᠠᠳᠬᠠᠬᠤ︾ ᠶᠢ ᠰᠠᠶᠢᠲᠤᠷ ᠬᠢᠵᠦ᠂ ︽ᠳᠦᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠴᠢᠩᠭᠠᠳᠬᠠᠨ᠎ᠠ᠃      ᠬᠤᠶᠠᠷ ᠲᠤ᠂ ᠥᠭᠡᠷᠡᠴᠢᠯᠡᠯᠲᠡ ᠥᠷᠭᠡᠳᠬᠡᠯ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠪᠤᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠥᠬᠦ ᠬᠦᠴᠦᠨ  ᠢᠶᠠᠷ ᠠᠬᠢᠭᠤᠯᠵᠤ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ ᠪᠠᠶᠢᠨ᠎ᠠ᠃      ᠭᠤᠷᠪᠠ ᠳᠤ᠂ ᠭᠤᠷᠪᠠᠨ ᠶᠡᠭᠡ ᠬᠥᠭᠵᠢᠯᠲᠡ ᠶᠢᠨ ᠲᠠᠪᠴᠠᠩ ᠤᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ ᠪᠤᠢ᠃ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ ᠤ ᠳᠡᠰ ᠳᠡᠪᠰᠢᠬᠦ ᠶᠢ ᠠᠬᠢᠭᠤᠯᠵᠤ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠢᠵᠢ ᠪᠦᠷᠢᠳᠦᠭᠦᠯᠬᠦ ᠴᠢᠳᠠᠮᠵᠢ ᠶᠢ ᠪᠦᠷᠢᠨᠰᠢᠭᠦᠯᠵᠦ ᠪᠠᠶᠢᠨ᠎ᠠ᠃      ᠳᠥᠷᠪᠡ ᠳᠤ᠂ ᠳᠥᠷᠪᠡᠨ ᠶᠡᠭᠡ ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠪᠤᠢ᠃ ᠣᠯᠠᠨ ᠤᠯᠤᠰ ᠤᠨ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠵᠤ᠂ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ ᠢ ᠬᠦᠴᠦᠷᠬᠡᠭᠵᠢᠭᠦᠯᠦᠨ᠂ ᠬᠢᠯᠢ  ᠶᠢᠨ ᠰᠣᠶᠣᠯ ᠵᠢᠭᠤᠯᠴᠢᠯᠠᠯ ᠤᠨ ᠦᠢᠯᠡᠰ ᠢ ᠠᠮᠢᠯᠠᠭᠤᠯᠵᠤ᠂ ᠴᠡᠪᠡᠷ ᠡᠨᠧᠷᠭᠢ ᠶᠢᠨ ᠦᠢᠯᠡᠰ ᠢ ᠪᠣᠳᠠᠲᠠᠶᠢᠵᠢᠭᠤᠯᠵᠤ ᠪᠠᠶᠢᠨ᠎ᠠ᠃      ᠲᠠᠪᠤ ᠳᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠣᠲᠣᠭᠠᠳᠤ ᠬᠡᠷᠡᠭᠴᠡᠭᠡ ᠶᠢ ᠳᠠᠶᠢᠴᠢᠯᠠᠨ ᠬᠡᠷᠡᠭᠯᠡᠭᠡ ᠶᠢ ᠥᠷᠭᠡᠳᠬᠡᠵᠦ ᠪᠠᠶᠢᠨ᠎ᠠ᠃ ᠬᠡᠷᠡᠭᠯᠡᠭᠡᠨ ᠤ ᠱᠠᠭᠠᠷᠳᠠᠯᠭ᠎ᠠ ᠶᠢ ᠪᠦᠲᠦᠮᠵᠢᠲᠡᠢ ᠥᠷᠭᠡᠳᠬᠡᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ ᠪᠠᠶᠢᠨ᠎ᠠ᠃      ᠵᠢᠷᠭᠤᠭ᠎ᠠ ᠳᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠪᠠᠶᠢᠨ᠎ᠠ᠃ ᠪᠣᠬᠢᠷᠲᠤᠯ  ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ ᠪᠠᠶᠢᠨ᠎ᠠ᠃      ᠲᠤᠯᠤᠭ᠎ᠠ ᠳᠤ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠵᠤ ᠪᠤᠢ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠡᠮ ᠡᠮᠨᠡᠯᠭᠡ ᠶᠢᠨ ᠦᠢᠯᠡᠰ ᠢ ᠡᠷᠴᠢᠮᠲᠡᠢ ᠰᠠᠶᠢᠲᠤᠷ ᠠᠳᠬᠤᠵᠤ ᠪᠠᠶᠢᠨ᠎ᠠ᠃      ᠨᠠᠢᠮᠠ ᠳᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ ᠪᠤᠢ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠪᠠ ᠬᠤᠷᠢᠭ᠎ᠠ ᠱᠤᠭᠤᠮ ᠢ ᠴᠢᠩᠭ᠎ᠠ ᠰᠠᠬᠢᠵᠤ ᠪᠠᠶᠢᠨ᠎ᠠ᠃
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ