ᠭᠤᠷᠪᠠᠨ ᠶᠠᠮᠤᠨ ᠵᠥᠪᠯᠡᠯ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ︶ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠡᠨᠡ ᠵᠢᠯ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ 60 ᠰᠠᠭᠤᠭᠠᠯᠢ ᠠᠷᠠᠳ ᠤᠨ ᠲᠣᠭᠤᠷᠢᠭ᠂ 50.4 ᠲᠦᠮᠡᠨ ᠲᠡᠭᠰᠢ ᠳᠥᠷᠪᠡᠯᠵᠢᠨ ᠮᠧᠲᠷ᠂ | 124 ᠠᠰᠠᠷ ᠢ ᠥᠭᠡᠷᠡᠴᠢᠯᠡᠨ ᠰᠢᠨᠡᠳᠬᠡᠬᠦ ᠪᠠᠷ ᠲᠥᠯᠥᠪᠯᠡᠵᠦ᠂ ᠪᠠᠷᠤᠭ 8600 ᠲᠦᠮᠡᠨ ᠲᠥᠭᠦᠷᠢᠭ ᠤᠨ ᠪᠠᠯᠠ ᠣᠷᠣᠭᠤᠯᠪᠠ᠃ ᠲᠥᠷᠥᠯ ᠵᠦᠶᠯ ᠢ 2021 ᠣᠨ | ᠤ 4 ᠳ᠋ᠦ᠋ᠭᠡᠷ ᠰᠠᠷ᠎ᠠ ᠶᠢᠨ ᠳᠤᠮᠳᠠᠴᠢ ᠪᠠᠷ ᠡᠬᠢᠯᠡᠭᠦᠯᠵᠦ᠂ ᠵᠢᠯ ᠤᠨ ᠡᠴᠦᠰ ᠲᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠪᠡᠶᠡᠯᠡᠭᠦᠯᠦᠭᠰᠡᠨ ᠤ ᠳᠠᠷᠠᠭ᠎ᠠ᠂ ᠰᠠᠭᠤᠭᠠᠯᠢ ᠠᠷᠠᠳ ᠤᠨ ᠲᠣᠭᠤᠷᠢᠭ ᠤᠨ | ᠤᠤᠯ ᠳᠦᠷᠰᠦ ᠪᠠᠶᠢᠳᠠᠯ ᠨᠢ ︽ᠪᠤᠵᠠᠷ ᠰᠠᠮᠠᠭᠤᠨ ᠪᠠᠷᠤᠭᠲᠠᠶ︾᠂ ᠦᠢᠯᠡᠴᠢᠯᠡᠭᠡᠨ ᠤ ᠪᠡᠯᠡᠳᠬᠡᠮᠵᠢ ᠨᠢ ︽ᠬᠠᠭᠤᠴᠢᠨ ᠳᠤᠲᠠᠮᠠᠭ︾᠂ ᠴᠢᠳᠠᠮᠵᠢ ᠶᠢᠨ ᠢᠵᠢ ᠪᠦᠷᠢᠨ ᠪᠤᠰᠤ | ᠪᠠᠶᠢᠭᠰᠠᠨ ᠪᠠᠶᠢᠳᠠᠯ ᠢ ᠲᠤᠶᠢᠯᠪᠤᠷᠢᠲᠠᠶ ᠰᠢᠶᠳᠪᠦᠷᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠶᠡᠭᠡ ᠪᠠᠷ ᠰᠠᠶᠢᠵᠢᠷᠠᠭᠤᠯᠬᠤ᠂ | ᠦᠢᠯᠡᠴᠢᠯᠡᠭᠡᠨ ᠤ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠬᠦ᠂ ᠬᠤᠲᠠ ᠶᠢᠨ ᠳᠦᠷᠢ ᠲᠥᠷᠬᠦ ᠶᠢ ᠶᠡᠬᠡᠪᠡᠷ ᠬᠤᠪᠢᠷᠠᠭᠤᠯᠬᠤ ᠶᠢ ᠪᠡᠶᠡᠯᠡᠭᠦᠯᠦᠨ᠎ᠡ᠃ | |