ᠰᠢᠯᠢ ᠶᠢᠨ ᠭᠤᠤᠯ ᠠᠶᠢᠮᠠᠭ ᠪᠥᠬᠦ ᠲᠠᠯᠠᠲᠤ ᠪᠣᠰᠤᠭ᠎ᠠ ᠴᠣᠭᠴᠠᠲᠤ ᠬᠡᠯᠪᠡᠷᠢ ᠶᠢᠨ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/1/29
     ᠰᠢᠯᠢ ᠶᠢᠨ ᠭᠤᠤᠯ ᠠᠶᠢᠮᠠᠭ ︽ᠰᠢᠯᠢ ᠶᠢᠨ ᠭᠤᠤᠯ ᠠᠶᠢᠮᠠᠭ ᠤᠨ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠵᠤ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ  ᠢᠶᠠᠷ ᠳᠠᠮᠵᠢᠭᠤᠯᠤᠨ᠂ ᠰᠢᠯᠢᠳᠡᠭ ᠢ ᠨᠢ ᠰᠤᠩᠭᠤᠨ ᠳᠦᠷᠪᠡᠨ ᠳᠠᠭᠠᠳᠬᠠᠯ ᠤᠨ ᠪᠠᠶᠢᠭᠤᠯᠤᠮᠵᠢ ᠪᠠᠷ ︽ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠵᠢᠶ᠎ᠠ ᠳᠠᠭᠠᠳᠬᠠᠯ ᠤᠨ ᠴᠣᠭᠴᠠ︾ ᠶᠢ ᠪᠦᠷᠢᠯᠳᠦᠭᠦᠯᠦᠭᠰᠡᠨ ᠤ ᠬᠠᠮᠲᠤ᠂ ᠭᠤᠷᠪᠠᠳᠠᠬᠢ ᠡᠲᠡᠭᠡᠳ ᠤᠨ ᠦᠶᠯᠡᠴᠢᠯᠡᠭᠡᠨ ᠤ ᠺᠣᠮᠫᠠᠨᠢ ᠳᠤ ᠨᠠᠶᠢᠳᠠᠵᠤ ᠠᠶᠤᠯ ᠥᠬᠡᠶ ᠦᠶᠯᠡᠳᠪᠦᠷᠢᠯᠡᠯ ᠤᠨ ᠮᠡᠷᠭᠡᠵᠢᠯ ᠤᠨ ᠦᠶᠯᠡᠴᠢᠯᠡᠭᠡ ᠶᠢ ᠡᠭᠦᠷᠭᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠠᠭᠠᠭᠠᠴᠢᠯᠠᠬᠤ ᠺᠣᠮᠫᠠᠨᠢ᠂ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ᠂ ᠭᠤᠷᠪᠠᠳᠠᠬᠢ ᠡᠲᠡᠭᠡᠳ ᠤᠨ ᠦᠶᠯᠡᠴᠢᠯᠡᠭᠡᠨ ᠤ ᠺᠣᠮᠫᠠᠨᠢ ᠶᠢᠨ ᠳᠥᠷᠪᠡᠨ ᠲᠠᠯ᠎ᠠ ᠶᠢᠨ ᠬᠠᠮᠲᠤ ᠪᠠᠷ ᠬᠦᠷᠲᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠪᠠ᠃ 1 ᠳ᠋ᠦ᠋ᠭᠡᠷ ᠰᠠᠷ᠎ᠠ ᠶᠢᠨ 7 ᠤ ᠡᠳᠦᠷ  ᠠᠴᠠ 24 ᠤ ᠡᠳᠦᠷ ᠪᠣᠯᠲᠠᠯ᠎ᠠ᠂ ︽ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠵᠢᠶ᠎ᠠ ᠳᠠᠭᠠᠳᠬᠠᠯ ᠤᠨ ᠴᠣᠭᠴᠠ︾ ᠪᠠ ᠭᠤᠷᠪᠠᠳᠠᠬᠢ ᠡᠲᠡᠭᠡᠳ  ᠤᠨ ᠮᠡᠷᠭᠡᠵᠢᠯ ᠤᠨ ᠦᠶᠯᠡᠴᠢᠯᠡᠭᠡᠨ ᠤ ᠺᠣᠮᠫᠠᠨᠢ ᠨᠢ ᠪᠥᠬᠦ ᠠᠶᠢᠮᠠᠭ ᠤᠨ ᠦᠢᠯᠡᠳᠪᠦᠷᠢᠯᠡᠨ ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠶ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠰᠠᠭᠤᠳᠠᠯ ᠲᠠᠢ ᠳᠠᠯᠳᠠ ᠬᠡᠮ ᠢ ᠨᠡᠶᠢᠲᠡ 544 ᠵᠤᠷᠪᠤᠰ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠨᠠᠭᠤᠯᠭ᠎ᠠ 22 ᠵᠦᠶᠯ ᠳᠤᠷᠠᠳᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ