ᠪᠦ᠋ ᠰᠢᠶᠤᠤ ᠯᠢᠨ ᠲᠤᠬᠠᠢ ᠶᠢᠨ ᠲᠠᠯᠠᠪᠠᠢ ᠳᠤ ᠬᠦᠷᠴᠤ ᠬᠦᠭᠡᠬᠤᠳᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠤᠭᠤᠳᠪᠠ
ᠨᠡᠶᠢᠲᠡᠯᠡᠭᠰᠡᠨ ᠴᠠᠭ᠄
2021/1/5

     1 ᠰᠠᠷ᠎ᠡ ᠶᠢᠨ 4᠎ ᠤ ᠦᠳᠠ ᠶᠢᠨ ᠡᠮᠤᠨ᠎ᠡ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠲᠤᠬᠠᠢ ᠶᠢᠨ ᠲᠠᠯᠠᠪᠠᠢ ᠳᠤ ᠬᠦᠷᠴᠤ ᠬᠦᠭᠡᠬᠤᠳᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠤᠭᠤᠳᠪᠠ᠃



     ᠬᠦᠭᠡᠬᠤᠳᠠ ᠶᠢᠨ ︽ᠴᠢᠬᠤᠯᠠ ᠪᠠᠶᠢᠳᠠᠯ ᠤᠨ ᠲᠦᠷᠭᠡᠨ ᠮᠡᠳᠡᠭᠡ︾᠎ ᠶᠢᠨ ᠲᠤᠰᠬᠠᠬᠰᠡᠨ ᠢᠶᠠᠷ᠂ ᠭᠠᠳᠠᠨ᠎ᠡ ᠬᠤᠳᠠ ᠶᠢᠨ ᠨᠢᠭᠡ ᠠᠵᠤ ᠠᠬᠤᠢᠢᠯᠠᠯ ᠤᠨ ᠭᠤᠷᠪᠡᠨ ᠪᠦᠯᠦᠭ ᠮᠠᠰᠢᠨ ᠲᠡᠷᠭᠡᠨ ᠤ ᠰᠡᠯᠪᠢᠭ ᠲᠤᠨᠤᠬ ᠬᠦᠭᠡᠬᠤᠳᠠ ᠶᠢᠨ ᠭᠤᠷᠪᠡᠨ 4S ᠲᠡᠯᠭᠡᠬᠦᠷ ᠲᠤ ᠪᠤᠷᠤᠯᠠᠭᠤᠯᠤᠬᠳᠠᠨ ᠤᠷᠤᠵᠤ ᠢᠷᠡᠪᠡ᠂ ᠰᠢᠯᠭᠠᠨ ᠪᠠᠶᠢᠴᠠᠭᠠᠬᠤ᠂ ᠲᠠᠬᠢᠨ ᠬᠠᠷᠭᠤᠭᠤᠯᠬᠤ ᠪᠠᠷ ᠲᠠᠮᠵᠢᠵᠤ᠂ ᠡᠬᠦᠨ ᠤ ᠲᠤᠳᠤᠷᠠᠬᠢ ᠨᠢᠭᠡ 4S ᠲᠡᠯᠭᠡᠬᠦᠷ ᠤᠨ 5 ᠬᠤᠪᠢ ᠪᠠᠷᠠᠭᠠᠨ ᠤ ᠭᠠᠳᠠᠷ ᠪᠤᠭᠤᠳᠠᠯ ᠪᠠᠭᠯᠠᠭ᠎ᠠ ᠶᠢᠨ ᠦᠯᠢᠭᠡᠷ ᠶᠠᠩᠵᠤ ᠨᠢ ᠠᠷᠭ᠎ᠠ ᠴᠢᠨᠠᠷ ᠢᠯᠡᠷᠡᠪᠠ᠃ ᠬᠦᠬᠡᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠲᠦᠪ ᠳᠠᠷᠡ ᠳᠠᠷᠤᠢ ᠳᠤᠨᠢ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠪᠠᠨ ᠡᠬᠢᠯᠡᠬᠦᠯᠵᠤ᠂ ᠮᠡᠳᠡᠬᠦᠯᠦᠯᠳᠠ ᠶᠢᠨ ᠴᠠᠭ ᠪᠤᠯᠳᠠᠯ᠎ᠡ᠂ ᠬᠦᠭᠡᠬᠤᠳᠠ ᠳᠤ ᠪᠠᠶᠢᠭ᠎ᠠ ᠬᠢᠵᠢᠭ ᠲᠤ ᠬᠤᠯᠪᠤᠬᠳᠠᠬᠰᠡᠨ ᠡᠳ᠋ ᠪᠤᠳᠠᠰ ᠲᠠᠢ ᠤᠢᠢᠷᠠᠳᠤᠬᠰᠡᠨ ᠬᠦᠮᠦᠰ ᠢ ᠪᠦᠬᠦᠨ ᠢ ᠲᠤᠰᠠᠭᠠᠷᠯᠠᠨ ᠬᠠᠮᠢᠶᠡᠷᠤᠨ ᠡᠵᠡᠮᠳᠡᠵᠤ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠭᠰᠡᠨ ᠤ ᠦᠷ᠎ᠡ ᠳ᠋ᠦᠩ ᠳᠤ ᠪᠦᠬᠦᠨ ᠢᠶᠠᠷ ᠢᠶᠠᠨ ᠪᠢᠯᠢᠭ ᠴᠢᠨᠠᠷ ᠢᠯᠡᠷᠡᠪᠠ᠃ ᠪᠦ᠋ ᠰᠢᠶᠤᠤ ᠯᠢᠨ᠄ ︽ᠬᠦᠭᠡᠬᠤᠳᠠ ᠶᠢᠨ ᠬᠢᠨ ᠬᠤᠯᠪᠤᠬᠳᠠᠯ ᠪᠦᠬᠦᠢ ᠠᠵᠢᠯ ᠢᠶᠠᠨ ᠦᠷᠬᠦᠯᠵᠢᠯᠡᠨ ᠰᠠᠶᠢᠳᠤᠷ ᠬᠢᠬᠦ ᠭᠡᠷᠡᠭᠳᠠᠢ︾ ᠭᠡᠵᠤ ᠴᠤᠬᠤᠯᠠᠪᠤᠷᠢ ᠦᠭᠬᠦᠭᠰᠡᠨ ᠪᠦᠭᠡᠳ ᠲᠤᠬᠠᠢ ᠶᠢᠨ ᠲᠠᠯᠠᠪᠠᠢ ᠳᠤ ᠬᠦᠷᠴᠤ ᠵᠢᠯᠤᠭᠤᠳᠪᠠ᠃
     ᠪᠦ᠋ ᠰᠢᠶᠤᠤ ᠯᠢᠨ ᠡᠨᠡ ᠬᠦ 4S ᠲᠡᠯᠭᠡᠬᠦᠷ ᠲᠤ ᠬᠦᠷᠴᠤ᠂ ᠲᠠᠯᠠᠪᠠᠢ ᠶᠢ ᠬᠠᠮᠢᠶᠡᠷᠤᠨ ᠡᠵᠡᠮᠳᠡᠬᠦ᠂ ᠠᠷᠢᠭᠤᠳᠬᠠᠬᠤ ᠪᠠ ᠮᠠᠰᠢᠨ ᠲᠡᠷᠭᠡᠨ ᠤ ᠰᠡᠯᠪᠢᠭ ᠲᠤᠨᠤᠭ ᠢ ᠪᠢᠳᠡᠬᠦᠮᠵᠢᠯᠡᠬᠦ᠂ ᠢᠷᠡᠯᠲᠡ ᠶᠢ ᠮᠦᠷᠲᠡᠨ ᠨᠡᠭᠡᠮᠵᠢᠯᠡᠬᠦ ᠵᠢᠴᠢ ᠭᠤᠬᠴᠤᠭ᠎ᠠ ᠶᠢ ᠪᠢᠳᠡᠬᠦᠮᠵᠢᠯᠡᠨ ᠬᠠᠮᠢᠶᠡᠷᠴᠤ ᠪᠠᠶᠢᠭ᠎ᠠ ᠵᠡᠷᠭᠡ ᠪᠠᠶᠢᠳᠠᠯ ᠢ ᠨᠠᠷᠢᠨ ᠨᠢᠮᠪᠠᠢ ᠤᠢᠢᠯᠠᠭᠠᠪᠠ᠃ ᠲᠡᠷᠡ᠂ ᠬᠦᠭᠡᠬᠤᠳᠠ ᠶᠢᠨ ᠬᠢᠨ ᠪᠦᠬᠦ ᠲᠠᠯ᠎ᠡ ᠪᠠᠷ ᠵᠢᠬᠰᠠᠭᠠᠨ ᠪᠠᠶᠢᠴᠠᠭᠠᠬᠤ ᠠᠵᠢᠯ ᠢ ᠦᠷᠬᠦᠯᠵᠢᠯᠡᠨ ᠰᠠᠶᠢᠳᠤᠷ ᠬᠢᠵᠤ᠂ ᠠᠯᠳᠠᠰᠢ ᠭᠠᠷᠬᠤ ᠦᠭᠡᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ᠃ ᠡᠷᠬᠡᠪᠰᠢ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠲᠤᠬᠢᠷᠠᠭᠤᠯᠤᠯᠳᠠ ᠪᠠᠶᠢᠷᠢᠯᠠᠭᠤᠯᠤᠯᠳᠠ ᠶᠤᠰᠤᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠤ᠂ ᠢᠮᠠᠬᠳᠠ ᠲᠠᠶᠢᠨ ᠤ ᠦᠶ᠎ᠡ ᠶᠢᠨ ᠪᠠᠶᠢᠳᠠᠯ ᠢᠶᠠᠨ ᠪᠠᠳᠤᠯᠠᠬᠤ ᠬᠡᠷᠡᠭᠲᠡᠢ᠂ ᠦᠵᠡᠯ ᠰᠠᠨᠠᠭᠠᠨ ᠲᠡᠭᠡᠷ᠎ᠡ ᠪᠠᠨ ᠠᠯᠮᠠᠶᠢᠷᠠᠨ ᠲᠠᠶᠢᠪᠤᠰᠢᠷᠠᠵᠤ ᠪᠤᠯᠬᠤ ᠦᠭᠡᠢ᠂ ᠠᠵᠢᠯ ᠲᠡᠭᠡᠷ᠎ᠡ ᠪᠠᠨ ᠤᠬᠳᠤ ᠠᠯᠳᠠᠰᠢ ᠭᠠᠷᠭᠠᠵᠤ ᠪᠤᠯᠬᠤ ᠦᠭᠡᠢ᠃ ᠤᠷᠤᠨ ᠨᠤᠳᠤᠭ ᠤᠨ ᠵᠠᠰᠠᠭ ᠤᠨ ᠤᠷᠳᠤᠨ ᠤ ᠬᠠᠷᠢᠭᠤᠴᠠᠯᠭ᠎ᠠ ᠶᠢ ᠤᠯᠠᠮ ᠴᠢᠨᠠᠬᠰᠢᠳᠠ ᠪᠤᠳᠠᠳᠠᠶᠢᠵᠢᠭᠤᠯᠵᠤ᠂ ᠨᠡᠶᠢᠭᠡᠮ᠂ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠢ ᠶᠢᠨ ︽ᠲᠠᠪᠤ ᠶᠢ ᠨᠢᠭᠡᠳᠤᠯᠳᠠᠢ ᠲᠤᠤᠷᠵᠢᠭᠤᠯᠤᠨ ᠬᠠᠮᠢᠶᠡᠷᠬᠤ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠳᠤᠳᠠᠢ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠢ ᠡᠷᠡᠰ ᠰᠠᠬᠢᠵᠤ᠂ ᠬᠢᠵᠢᠭ ᠤᠨ ᠲᠠᠬᠢᠨ ᠲᠡᠯᠭᠡᠷᠡᠬᠦ ᠦᠭᠡᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠱᠠᠭᠠᠷᠳᠠᠪᠠ᠃
     ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠵᠠᠢ᠃

ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ