ᠱᠢ ᠲᠠᠢ ᠹᠧᠩ ᠮᠠᠨᠵᠤᠤᠷ ᠬᠤᠳᠠ ᠳᠤ ᠬᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2021/1/5

     1 ᠰᠠᠷ᠎ᠠ ᠶᠢᠨ 4᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠮᠠᠨᠵᠤᠤᠷ ᠬᠤᠳᠠ ᠳᠤ ᠬᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠬᠤ ᠳᠠᠭᠠᠨ᠂ ᠡᠮᠦᠨᠡᠬᠢ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠡ ᠠᠵᠢᠯ ᠳᠤᠮᠳᠠ ᠠᠴᠠ ᠬᠦᠨᠵᠡᠭᠡᠢ ᠰᠤᠷᠭᠠᠮᠵᠢ ᠠᠪᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠬᠦᠷᠭᠡᠯᠡᠨ᠂ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠪᠠᠶᠢᠷᠢᠯᠠᠭᠤᠯᠤᠯᠳᠠ ᠱᠠᠭᠠᠷᠳᠠᠯᠭ᠎ᠠ ᠪᠠ ᠡᠯ᠎ᠠ ᠵᠦᠢᠯ ᠤᠨ ᠲᠤᠭᠳᠠᠭᠠᠯ ᠢ ᠲᠦᠪ ᠴᠢᠩᠭ᠎ᠠ ᠨᠠᠶᠢᠳᠠᠪᠤᠷᠢᠵᠢᠭᠤᠯᠵᠦ᠂ ᠨᠢᠭᠡᠳᠦᠯᠳᠠᠢ ᠵᠢᠯᠤᠭᠤᠳᠬᠤ ᠪᠠᠨ ᠴᠢᠩᠭᠠᠳᠬᠠᠨ᠂ ᠡᠯ᠎ᠠ ᠲᠠᠯ᠎ᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠲᠤᠳᠠᠭᠳᠠᠯ ᠢ ᠪᠦᠬᠦ ᠲᠠᠯ᠎ᠠ ᠪᠠᠷ ᠨᠦᠬᠦᠪᠦᠷᠢᠯᠡᠵᠦ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠢᠯᠠᠩᠭᠤᠶ᠎ᠠ ᠡᠪᠤᠯ ᠬᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠤᠳᠠᠳᠠᠢ ᠠᠳᠬᠤᠵᠦ ᠨᠠᠷᠢᠨ ᠠᠳᠬᠤᠬᠤ ᠭᠡᠷᠡᠭᠲᠡᠢ ᠭᠡᠵᠦ ᠴᠢᠬᠤᠯᠠᠴᠢᠯᠠᠵᠠᠢ᠃



     ᠮᠠᠨᠵᠤᠤᠷ ᠪᠤᠭᠤᠮᠳᠠ ᠪᠤᠯ ᠦᠪᠡᠷᠲᠡᠭᠡᠨ ᠵᠠᠰᠠᠬᠤ ᠤᠷᠤᠨ ᠤ ︽ᠭᠠᠳᠠᠨ᠎ᠠ ᠠᠴᠠ ᠬᠠᠯᠳᠠᠪᠤᠷᠢᠯᠡᠨ ᠤᠷᠤᠵᠦ ᠢᠷᠡᠬᠦ ᠶᠢ ᠰᠡᠷᠭᠡᠶᠢᠯᠡᠬᠦ︾ ᠰᠡᠷᠭᠡᠶᠢᠯᠡᠯᠳᠠ ᠶᠢᠨ ᠱᠤᠭᠤᠮ ᠤᠨ ᠴᠢᠬᠤᠯᠠ ᠵᠢᠭᠰᠠᠭᠠᠯ ᠤᠨ ᠭᠠᠵᠠᠷ ᠪᠤᠯᠤᠨ᠎ᠠ᠃ ᠱᠢ ᠲᠠᠢ ᠹᠧᠩ ᠨᠢᠰᠭᠡᠯ ᠠᠴᠠ ᠪᠠᠭᠤᠮᠠᠬᠴᠠ ᠮᠠᠨᠵᠤᠤᠷ ᠬᠤᠳᠠ ᠶᠢᠨ ᠵᠠᠰᠠᠮᠠᠯ ᠵᠠᠮ ᠤᠨ ᠪᠤᠭᠤᠮᠳᠠ᠂ ᠲᠡᠮᠦᠷ ᠵᠠᠮ ᠤᠨ ᠪᠤᠭᠤᠮᠳᠠ ᠳᠤ ᠢᠷᠡᠵᠦ᠂ ᠪᠤᠭᠤᠮᠳᠠ ᠶᠢᠨ ᠲᠠᠬᠤᠯ ᠡᠪᠡᠳᠴᠢᠨ ᠤ ᠤᠬᠠᠭᠠᠨ ᠤ ᠪᠠᠶᠢᠴᠠᠭᠠᠯᠳᠠ᠂ ᠬᠢᠯᠢ ᠪᠠᠷ ᠤᠷᠤᠵᠦ ᠢᠷᠡᠬᠦ ᠬᠦᠮᠦᠰ ᠪᠠ ᠡᠳ᠋ ᠪᠠᠷᠠᠭ᠎ᠠ ᠶᠢ ᠵᠢᠬᠰᠠᠭᠠᠨ ᠪᠠᠶᠢᠴᠠᠭᠠᠭᠰᠠᠨ ᠵᠡᠷᠭᠡ ᠪᠠᠶᠢᠳᠠᠯ ᠢ ᠬᠦᠨᠵᠡᠭᠡᠢ ᠤᠢᠢᠯᠠᠭᠠᠪᠠ᠃ ᠲᠡᠷᠡ᠂ ᠮᠠᠨᠵᠤᠤᠷ ᠨᠢ ᠮᠠᠨ ᠤ ᠤᠯᠤᠰ ᠤᠨ ᠬᠠᠮᠤᠭ ᠤᠨ ᠶᠡᠭᠡ ᠡᠭᠡ ᠬᠠᠭᠤᠷᠠᠢ ᠶᠢᠨ ᠪᠤᠭᠤᠮᠳᠠ ᠶᠢᠨ ᠬᠤᠳᠠ ᠪᠤᠯᠤᠭᠰᠠᠨ ᠤ ᠬᠤᠪᠢ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠴᠢᠬᠤᠯᠠ ᠶᠡᠭᠡ᠂ ᠡᠬᠦᠷᠭᠡ ᠪᠡᠷᠭᠡ ᠬᠠᠳᠠᠭᠤᠵᠢᠯᠳᠠᠢ ᠪᠠᠶᠢᠭ᠎ᠠ ᠶᠤᠮ᠂ ᠵᠠᠪᠠᠯ ᠠᠰᠠᠭᠤᠳᠠᠯ ᠢ ᠨᠠᠷᠢᠨ ᠬᠢᠨᠠᠮᠠᠭᠠᠢ ᠲᠤᠩᠭᠠᠨ ᠪᠤᠳᠤᠯᠬᠢᠯᠠᠵᠦ᠂ ᠬᠦᠨᠵᠡᠭᠡᠢ ᠰᠤᠷᠭᠠᠮᠵᠢ ᠠᠪᠤᠨ᠂ ᠡᠯ᠎ᠠ ᠵᠦᠢᠯ ᠤᠨ ᠰᠡᠷᠭᠡᠶᠢᠯᠡᠨ ᠡᠵᠡᠮᠳᠡᠬᠦ ᠲᠦᠷᠢᠮ ᠲᠤᠭᠳᠠᠭᠠᠯ ᠢ ᠴᠢᠩᠭ᠎ᠠ ᠭᠡᠷᠡᠭᠵᠢᠬᠦᠯᠵᠦ᠂ ᠬᠠᠮᠢᠶᠠᠷᠤᠯᠳᠠ ᠶᠢᠨ ᠲᠠᠯ᠎ᠠ ᠪᠠᠷ ᠬᠢ ᠲᠤᠳᠠᠭᠳᠠᠯ ᠢ ᠡᠷᠡᠰ ᠨᠦᠬᠦᠪᠦᠷᠢᠯᠡᠬᠦ ᠬᠡᠷᠡᠭᠲᠡᠢ᠂ ᠦᠴᠦᠭᠡᠨ ᠳᠡᠳᠦᠢ ᠴᠦ ᠵᠠᠪᠰᠠᠷ ᠵᠠᠢ ᠦᠯᠡᠳᠡᠭᠡᠵᠦ ᠪᠤᠯᠬᠤ ᠦᠭᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠨᠢᠭᠡ ᠬᠦᠯᠭᠡ ᠰᠢᠳᠠᠷ᠎ᠠ︾᠎ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠪᠤᠭᠤᠮᠳᠠ᠂ ᠪᠤᠭᠤᠮᠳᠠ ᠶᠢᠨ ᠪᠠᠶᠢᠴᠠᠭᠠᠯᠳᠠ᠂ ᠲᠡᠮᠦᠷ ᠵᠠᠮ ᠵᠡᠷᠭᠡ ᠰᠠᠯᠠᠭ᠎ᠠ ᠮᠦᠴᠢᠷ ᠤᠨ ᠬᠢᠨ ᠴᠦᠮ ᠤᠷᠤᠨ ᠨᠤᠳᠤᠭ ᠤᠨ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠨᠢᠭᠡᠳᠦᠯᠳᠠᠢ ᠵᠤᠬᠢᠶᠠᠨ ᠪᠠᠶᠢᠭᠤᠯᠤᠨ ᠵᠤᠬᠢᠴᠠᠭᠤᠯᠬᠤ ᠶᠢ ᠤᠬᠠᠮᠰᠠᠷ ᠠᠴᠠ ᠪᠠᠨ ᠳᠠᠭᠠᠵᠦ᠂ ᠠᠯᠬᠤᠭ᠎ᠠ ᠨᠢᠭᠡᠳᠠᠢ ᠪᠠᠷ ᠠᠵᠢᠯ ᠢᠶᠠᠨ ᠰᠠᠶᠢᠳᠤᠷ ᠬᠢᠬᠦ ᠬᠡᠷᠡᠭᠲᠡᠢ᠂ ᠬᠤᠪᠢ ᠬᠤᠪᠢᠨ ᠤ ᠪᠠᠨ ᠬᠢᠭᠡᠳ ᠪᠠᠶᠢᠵᠦ ᠤᠬᠳᠤ ᠪᠤᠯᠬᠤ ᠦᠭᠡᠢ ᠭᠡᠵᠦ ᠴᠢᠬᠤᠯᠠᠴᠢᠯᠠᠪᠠ᠃




     ᠱᠢ ᠲᠠᠢ ᠹᠧᠩ ᠰᠢᠨ ᠱᠢ ᠵᠢᠢ ᠨᠡᠶᠢᠭᠡᠮ ᠲᠤᠭᠤᠷᠢᠭ ᠲᠤ ᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠤᠳᠠᠳᠠᠢ ᠭᠠᠵᠠᠷ ᠲᠤᠨᠢ ᠪᠠᠶᠢᠴᠠᠭᠠᠵᠦ᠂ ᠬᠦᠮᠦᠰ ᠢ ᠵᠢᠬᠰᠠᠭᠠᠨ ᠪᠠᠶᠢᠴᠠᠭᠠᠬᠤ ᠪᠠ ᠨᠡᠶᠢᠭᠡᠮ ᠲᠤᠭᠤᠷᠢᠭ ᠤᠨ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠨᠡᠶᠢᠭᠡᠮ ᠲᠤᠭᠤᠷᠢᠭ ᠤᠨ ᠰᠡᠷᠭᠡᠶᠢᠯᠡᠨ ᠡᠵᠡᠮᠳᠡᠬᠦ ᠪᠤᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠰᠠᠭᠤᠷᠢ ᠭᠤᠭᠴᠤᠭ᠎ᠠ ᠮᠦᠨ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠦ᠂ ᠴᠢᠩᠭ᠎ᠠ ᠰᠡᠷᠭᠡᠶᠢᠯᠡᠨ ᠪᠠᠲᠦ ᠰᠠᠬᠢᠵᠤ᠂ ᠲᠦᠪ ᠬᠢᠨᠠᠮᠠᠭᠠᠢ ᠪᠠᠷ ᠬᠠᠨᠲᠤᠨ ᠪᠠᠶᠢᠯᠳᠤᠬᠤ ᠪᠠᠷ ᠪᠡᠯᠡᠳᠭᠡᠵᠤ᠂ ᠲᠤᠤᠷᠵᠢᠬᠰᠠᠨ ᠬᠠᠮᠢᠶᠠᠷᠤᠯᠳᠠ ᠶᠢᠨ ᠰᠢᠰᠲ᠋ᠧᠮ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠤᠯᠠᠨ ᠲᠦᠮᠡᠨ ᠢ ᠴᠢᠩᠭ᠎ᠠ ᠲᠦᠰᠢᠭᠯᠡᠵᠦ᠂ ᠤᠯᠠᠨ ᠲᠦᠮᠡᠨ ᠢ ᠬᠦᠢᠴᠡᠳ ᠲᠠᠶᠢᠴᠢᠯᠠᠨ᠂ ᠤᠯᠠᠨ ᠲᠦᠮᠡᠨ ᠢ ᠰᠠᠶᠢᠳᠤᠷ ᠬᠦᠮᠦᠵᠢᠬᠦᠯᠦᠨ ᠬᠠᠮᠢᠶᠠᠷᠴᠦ᠂ ᠡᠯ᠎ᠠ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠵᠠᠢ᠃



     ᠡᠨᠡ ᠬᠦ ᠬᠤᠭᠤᠴᠠᠭᠠᠨ ᠳᠤ᠂ ᠱᠢ ᠲᠠᠢ ᠹᠧᠩ ᠬᠤᠷᠠᠯ ᠡᠷᠬᠢᠯᠡᠨ ᠬᠤᠷᠠᠯᠳᠤᠭᠤᠯᠵᠦ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ ᠪᠠ ᠮᠠᠨᠵᠤᠤᠷ ᠬᠤᠳᠠ ᠶᠢᠨ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠳᠠᠨ ᠨᠦᠬᠦᠳ ᠤᠨ ᠬᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠬᠠᠷᠢᠭᠤ ᠮᠡᠳᠡᠬᠦᠯᠦᠯᠳᠠ ᠶᠢ ᠰᠤᠨᠤᠰᠪᠠ᠃ ᠲᠡᠷᠡ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠳᠤᠨ ᠳᠤ ᠤᠷᠤᠬᠰᠠᠨ ᠤ ᠳᠠᠷᠠᠭ᠎ᠠ᠂ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠬᠠᠷᠢᠭᠤᠴᠠᠯᠭ᠎ᠠ ᠪᠠ ᠠᠷᠭ᠎ᠠ ᠭᠡᠮᠵᠢᠶ᠎ᠠ ᠶᠢ ᠪᠤᠳᠠᠳᠠᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠭᠰᠡᠡ ᠦᠭᠡᠢ ᠠᠴᠠ ᠪᠤᠯᠵᠦ ᠪᠠᠶᠢᠲᠠᠯ ᠬᠦᠨᠳᠦ ᠨᠤᠴᠢᠳᠠᠢ ᠪᠤᠯᠤᠭᠰᠠᠠ ᠦᠷ᠎ᠠ ᠳ᠋ᠦᠩ ᠭᠠᠷᠪᠠ᠂ ᠬᠦᠨᠵᠡᠭᠡᠢ ᠰᠤᠷᠭᠠᠮᠵᠢ ᠠᠪᠬᠤ ᠭᠡᠷᠡᠭᠲᠡᠢ᠃ ᠤᠳᠤᠬᠠᠨ ᠳᠤ᠂ ᠪᠦᠬᠦ ᠪᠦᠮᠪᠦᠷᠴᠡᠭ ᠤᠨ ᠬᠢᠵᠢᠭ ᠤᠨ ᠪᠠᠶᠢᠳᠠᠯ ᠲᠦᠷᠭᠡᠨ ᠦᠷᠪᠢᠰᠴᠦ᠂ ᠤᠯᠤᠰ ᠤᠨ ᠳᠤᠳᠤᠭᠠᠳᠦ ᠶᠢᠨ ᠲᠤᠰ ᠭᠠᠵᠠᠷ ᠤᠨ ᠬᠢᠵᠢᠭ ᠤᠨ ᠪᠠᠶᠢᠳᠠᠯ ᠠᠳᠡ ᠲᠡᠨᠳᠡ ᠳᠠᠷᠠᠬᠠᠢ ᠪᠤᠳᠠᠷᠬᠠᠢ ᠪᠠᠷ ᠭᠠᠷᠬᠤ ᠪᠠ ᠭᠡᠰᠡᠭ ᠭᠠᠵᠠᠷ ᠲᠦᠪᠯᠡᠷᠡᠭᠰᠡᠨ ᠴᠢᠨᠠᠷᠳᠠᠢ ᠪᠠᠷ ᠭᠠᠷᠬᠤ ᠰᠤᠯᠪᠢᠴᠠᠯᠳᠤᠭᠰᠠᠨ ᠪᠠᠶᠢᠳᠠᠯ ᠢᠯᠡᠷᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠮᠦᠨ ᠬᠦ ᠪᠡᠷᠭᠡ ᠬᠠᠳᠠᠭᠤᠵᠢᠯᠳᠠᠢ ᠨᠠᠷᠢᠨ ᠪᠤᠳᠤᠯᠢᠶᠠᠨᠳᠠᠢ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠢᠮᠠᠬᠳᠠ ᠴᠢᠩᠳᠠᠯᠠᠵᠦ᠂ ︽ᠨᠠᠷᠢᠨ ᠵᠦᠢᠯ ᠠᠴᠠ ᠢᠯᠠᠵᠦ ᠢᠯᠠᠬᠳᠠᠬᠤ ᠶᠢ ᠲᠤᠬᠳᠠᠭᠠᠨ᠎ᠠ︾ ᠭᠡᠬᠦ ᠶᠤᠰᠤ ᠶᠢ ᠢᠮᠠᠬᠳᠠ ᠪᠠᠳᠤ ᠴᠡᠭᠡᠵᠢᠯᠡᠨ᠂ ᠵᠠᠩᠬᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠦ᠂ ᠠᠷᠭ᠎ᠠ ᠭᠡᠮᠵᠢᠶ᠎ᠠ ᠪᠠᠨ ᠦᠷᠬᠦᠯᠵᠢᠯᠡᠨ ᠨᠠᠷᠢᠯᠢᠬᠵᠢᠭᠤᠯᠤᠨ᠂ ᠭᠤᠭᠴᠤᠭ᠎ᠠ ᠨᠢᠭᠡᠪᠦᠷᠢ᠂ ᠨᠠᠷᠢᠨ ᠵᠦᠢᠯ ᠨᠢᠭᠡᠪᠦᠷᠢ ᠶᠢ ᠴᠦᠮ ᠬᠦᠨᠵᠡᠭᠡᠢ ᠪᠤᠳᠠᠳᠠᠢ ᠠᠳᠬᠤᠵᠦ᠂ ᠠᠯᠳᠠᠰᠢ ᠠᠳᠡᠰᠢ ᠭᠠᠷᠭᠠᠬᠤ ᠦᠭᠡᠢ ᠪᠠᠶᠢᠬᠤ ᠶᠢ ᠪᠠᠳᠤᠯᠠᠬᠤ ᠭᠡᠷᠡᠭᠲᠡᠢ᠃ ᠭᠠᠳᠠᠨ᠎ᠠ ᠠᠴᠠ ᠬᠠᠯᠳᠠᠪᠤᠷᠢᠯᠠᠨ ᠤᠷᠤᠵᠦ ᠢᠷᠡᠬᠦ ᠶᠢ ᠰᠡᠷᠭᠡᠶᠢᠯᠡᠬᠦ ᠠᠵᠢᠯ ᠢ ᠲᠤᠪᠤᠶᠢᠮ᠎ᠠ ᠪᠠᠶᠢᠷᠢᠨ ᠳᠤ ᠲᠠᠯᠪᠢᠵᠦ᠂ ᠬᠢᠯᠢ ᠪᠠᠷ ᠤᠷᠤᠵᠦ ᠢᠷᠡᠬᠦ ᠬᠦᠮᠦᠰ ᠢ ᠪᠤᠭᠤᠮᠳᠠ ᠶᠢᠨ ᠬᠢᠵᠢᠭ ᠪᠠᠶᠢᠴᠠᠭᠠᠬᠤ᠂ ᠰᠢᠯᠵᠢᠬᠦᠯᠦᠨ ᠵᠦᠭᠡᠭᠡᠪᠦᠷᠢᠯᠡᠵᠦ ᠬᠦᠷᠭᠡᠬᠦ᠂ ᠲᠤᠰᠠᠭᠠᠷᠯᠠᠨ ᠬᠠᠮᠢᠶᠠᠷᠴᠦ ᠡᠵᠡᠮᠳᠡᠬᠦ ᠵᠡᠷᠭᠡ ᠪᠢᠳᠡᠬᠦᠮᠵᠢᠯᠡᠭᠰᠡᠨ ᠬᠠᠮᠢᠶᠠᠷᠤᠯᠳᠠ ᠶᠢᠨ ᠠᠷᠭ᠎ᠠ ᠭᠡᠮᠵᠢᠶ᠎ᠠ ᠶᠢ ᠴᠢᠩᠭ᠎ᠠ ᠭᠡᠷᠡᠭᠵᠢᠬᠦᠯᠦᠨ᠂ ᠭᠠᠳᠠᠭᠠᠳᠦ ᠠᠴᠠ ᠤᠷᠤᠭᠤᠯᠤᠭᠰᠠᠨ ᠬᠦᠯᠳᠡᠭᠡᠨ ᠵᠦᠭᠡᠭᠡᠪᠦᠷᠢᠯᠡᠬᠦ ᠢᠳᠡᠭᠡᠨ ᠳᠤ ᠬᠢᠨᠡᠨ ᠭᠡᠮᠵᠢᠵᠦ ᠪᠠᠶᠢᠴᠠᠭᠠᠯᠳᠠ ᠬᠢᠬᠦ ᠪᠠ ᠤᠷᠢᠳᠴᠢᠯᠡᠨ ᠰᠡᠷᠭᠡᠶᠢᠯᠡᠬᠦ ᠴᠢᠨᠠᠷᠳᠠᠢ ᠪᠦᠬᠦ ᠲᠠᠯ᠎ᠠ ᠶᠢᠨ ᠠᠷᠢᠭᠤᠳᠬᠠᠯ ᠬᠢᠬᠦ ᠠᠵᠢᠯ ᠢ ᠡᠷᠴᠢᠮᠵᠢᠬᠦᠯᠵᠦ᠂ ᠪᠤᠭᠤᠮᠳᠠ ᠪᠠ ᠬᠢᠯᠢ ᠶᠢᠨ ᠬᠠᠮᠢᠶᠠᠷᠤᠯᠳᠠ ᠡᠵᠡᠮᠳᠡᠯᠳᠠ ᠶᠢᠨ ᠬᠤᠷᠢᠭ᠎ᠠ ᠪᠠᠬᠢᠯᠡᠯᠲᠡ ᠶᠢ ᠴᠢᠩᠭᠠᠳᠬᠠᠬᠤ ᠭᠡᠷᠡᠭᠲᠡᠢ᠃ ᠦᠨᠳᠦᠷ ᠪᠠ ᠳᠤᠮᠳᠠ ᠵᠡᠷᠭᠡ ᠶᠢᠨ ᠠᠶᠦᠯ ᠲᠦᠭᠰᠢᠬᠦᠷᠢ ᠲᠠᠢ ᠭᠠᠵᠠᠷ ᠤᠷᠤᠨ ᠠᠴᠠ ᠮᠠᠨ ᠤ ᠤᠷᠤᠨ ᠳᠤ ᠢᠷᠡᠬᠦ ᠬᠦᠮᠦᠰ ᠵᠢᠴᠢ ᠬᠤᠯᠪᠤᠭᠳᠠᠯ ᠪᠦᠬᠦᠢ ᠤᠢᠢᠷᠠᠳᠤᠭᠰᠠᠳ ᠢ ᠵᠢᠬᠰᠠᠭᠠᠨ ᠪᠠᠶᠢᠴᠠᠭᠠᠬᠤ᠂ ᠮᠦᠷᠳᠡᠬᠦ᠂ ᠬᠠᠮᠢᠶᠠᠷᠤᠨ ᠡᠵᠡᠮᠳᠡᠬᠦ ᠠᠷᠭ᠎ᠠ ᠭᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠨᠡᠶᠢᠭᠡᠮ ᠲᠤᠭᠤᠷᠢᠭ ᠤᠨ ᠲᠤᠤᠷᠵᠢᠬᠰᠠᠨ ᠵᠢᠬᠰᠠᠭᠠᠨ ᠪᠠᠶᠢᠴᠠᠭᠠᠯᠳᠠ ᠶᠢ ᠴᠢᠩᠭᠠᠳᠬᠠᠨ᠂ ᠭᠤᠤᠯᠳᠠᠯᠭ᠎ᠠ ᠲᠠᠢ ᠲᠠᠯᠠᠪᠤᠷ ᠭᠠᠵᠠᠷ ᠲᠠᠬᠢ ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠵᠦ᠂ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ ᠭᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠦᠮᠦᠵᠢᠯ ᠤᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠤᠯᠠᠨ ᠲᠦᠮᠡᠨ ᠢ ᠬᠦᠳᠦᠯᠦᠨ ᠳᠠᠭᠠᠭᠤᠯᠵᠦ ᠬᠤᠪᠢ ᠬᠦᠮᠦᠨ ᠤ ᠰᠡᠷᠭᠡᠶᠢᠯᠡᠯᠳᠠ ᠬᠠᠮᠠᠭᠠᠯᠠᠯᠳᠠ ᠶᠢ ᠰᠠᠶᠢᠳᠤᠷ ᠬᠢᠯᠭᠡᠬᠦ ᠭᠡᠷᠡᠭᠲᠡᠢ ᠭᠡᠵᠦ ᠵᠢᠭᠠᠵᠦ ᠭᠠᠷᠭᠠᠪᠠ᠃
     ᠱᠢ ᠲᠠᠢ ᠹᠧᠩ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠡᠵᠡᠮᠳᠡᠬᠦ ᠶᠢ ᠦᠨᠳᠦᠰᠦᠨ ᠠᠴᠠ ᠨᠢ ᠠᠪᠴᠦ ᠭᠡᠯᠡᠪᠡᠯ ᠬᠠᠷᠢᠭᠤᠴᠠᠯᠭ᠎ᠠ ᠶᠢᠨ ᠠᠰᠠᠭᠤᠳᠠᠯ ᠮᠦᠨ᠂ ᠡᠯ᠎ᠠ ᠱᠠᠳᠤᠨ ᠤ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠦ᠂ ᠬᠠᠷᠢᠶ᠎ᠠ ᠭᠠᠵᠠᠷ᠂ ᠰᠠᠯᠠᠭ᠎ᠠ ᠮᠦᠴᠢᠷ᠂ ᠨᠢᠭᠡᠴᠢ ᠪᠠ ᠬᠤᠪᠢ ᠬᠦᠮᠦᠨ ᠵᠡᠷᠭᠡ ᠲᠦᠷᠪᠡᠨ ᠲᠠᠯ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠬᠤᠷᠢᠬᠯᠠᠬᠤ ︽ᠲᠡᠮᠦᠷ ᠬᠡᠷᠡᠮ ᠪᠤᠯᠤᠳ ᠬᠠᠨ᠎ᠠ︾᠎ ᠶᠢ ᠦᠨᠡᠨ ᠬᠦ ᠴᠤᠬᠴᠠᠯᠠᠵᠦ᠂ ᠶᠠᠮᠠᠷᠪᠠ ᠦᠶ᠎ᠠ ᠳᠤ ᠴᠦ ᠭᠡᠳ ᠠᠯᠮᠠᠶᠢᠷᠠᠨ ᠴᠠᠯᠠᠭᠠᠢᠢᠷᠠᠵᠦ ᠪᠤᠯᠬᠤ ᠦᠭᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠬᠠᠷᠢᠶ᠎ᠠ ᠲᠤᠭᠤᠷᠢᠭ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠶᠡᠷᠦᠩᠭᠡᠢ ᠬᠠᠷᠢᠭᠤᠴᠠᠯᠭ᠎ᠠ ᠡᠬᠦᠷᠭᠡᠯᠡᠵᠦ᠂ ᠮᠠᠨ ᠤ ᠪᠠᠶᠢᠭᠤᠯᠤᠯ ᠤᠨ ᠲᠠᠪᠠᠭᠤᠯᠢᠭ ᠪᠠ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠢ ᠬᠦᠢᠴᠡᠳ ᠪᠠᠳᠠᠷᠠᠭᠤᠯᠤᠨ᠂ ᠨᠢᠭᠡᠳᠦᠯᠳᠠᠢ ᠵᠢᠯᠤᠭᠤᠳᠬᠤ᠂ ᠨᠢᠭᠡᠳᠦᠯᠳᠠᠢ ᠲᠤᠬᠢᠷᠠᠭᠤᠯᠬᠤ ᠪᠠᠨ ᠴᠢᠩᠭᠠᠳᠬᠠᠵᠦ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠤᠷᠢᠯᠡᠵᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠠᠷᠭ᠎ᠠ ᠭᠡᠮᠵᠢᠶ᠎ᠠ ᠶᠢ ᠦᠨᠡᠨ ᠬᠦ ᠭᠠᠵᠠᠷ ᠤᠷᠤᠨ᠂ ᠨᠢᠭᠡᠴᠢ᠂ ᠨᠡᠶᠢᠭᠡᠮ ᠲᠤᠭᠤᠷᠢᠭ᠂ ᠭᠡᠷ ᠪᠦᠯᠢ ᠪᠠ ᠬᠦᠮᠦᠨ ᠨᠢᠭᠡᠪᠦᠷᠢ ᠳᠤ ᠤᠨᠤᠴᠠᠳᠠᠢ ᠨᠠᠶᠢᠳᠠᠪᠤᠷᠢᠵᠢᠭᠤᠯᠬᠤ ᠭᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯ ᠬᠠᠳᠠᠭᠤ ᠡᠬᠦᠷᠭᠡ ᠪᠤᠯᠬᠤ ᠪᠦᠭᠡᠳ ᠪᠠᠰᠠ ᠰᠢᠰᠲ᠋ᠧᠮᠲᠦ ᠢᠨᠵᠧᠨᠧᠷᠢᠩ ᠮᠦᠨ᠂ ᠡᠯ᠎ᠠ ᠲᠠᠯ᠎ᠠ ᠶᠢᠨ ᠬᠢᠨ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠨᠢᠭᠡᠳᠦᠯᠳᠠᠢ ᠵᠢᠯᠤᠭᠤᠳᠤᠯᠭ᠎ᠠ ᠲᠤᠬᠢᠷᠠᠭᠤᠯᠤᠯᠳᠠ ᠶᠢ ᠡᠷᠡᠰ ᠳᠠᠭᠠᠵᠦ᠂ ᠨᠢᠭᠡ ᠯᠠ ᠰᠡᠳᠬᠢᠯ ᠢ ᠪᠠᠷᠢᠵᠤ ᠨᠢᠭᠡ ᠴᠢᠭᠯᠡᠯ ᠢᠶᠠᠷ ᠬᠦᠴᠦᠯᠡᠨ᠂ ᠰᠡᠳᠬᠢᠯ ᠨᠢᠭᠡᠳᠦᠨ ᠬᠦᠴᠦ ᠬᠠᠮᠳᠤᠳᠬᠠᠵᠦ ᠠᠵᠢᠯ ᠢᠶᠠᠨ ᠰᠠᠶᠢᠳᠤᠷ ᠬᠢᠬᠦ ᠭᠡᠷᠡᠭᠲᠡᠢ ᠭᠡᠵᠦ ᠴᠢᠬᠤᠯᠠᠴᠢᠯᠠᠵᠠᠢ᠃
     ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠡᠸᠦ ᠶᠠᠩ ᠰᠢᠶᠤᠤ ᠬᠤᠢ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ