ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/7

     12 ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2020 ᠣᠨ ᠤ ᠪᠦᠬᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠪᠣᠯᠣᠨ 2021 ᠣᠨ ᠤ ᠠᠵᠤ ᠠᠬᠤᠢ ᠶᠢᠨ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ ᠴᠠᠭ ᠦᠶ᠎ᠡ ᠳᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠱᠠᠯᠠᠪᠳᠠᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ᠂ ᠣᠳᠣ ᠦᠶ᠎ᠡ ᠶᠢᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ ᠵᠡᠷᠭᠡ ᠵᠦᠢᠯ ᠢ ᠰᠤᠳᠤᠯᠪᠠ᠃
     ᠬᠤᠷᠠᠯ ᠠᠴᠠ᠂ ᠡᠨᠡ ᠵᠢᠯ ᠠᠴᠠ ᠨᠠᠭᠠᠰᠢ᠂ ᠭᠡᠨᠡᠳᠲᠡ ᠪᠠᠷ ᠭᠠᠷᠤᠭᠰᠠᠨ ᠬᠢᠵᠢᠭ ᠤᠨ ᠪᠠᠶᠢᠳᠠᠯ ᠪᠣᠯᠣᠨ ᠬᠦᠨᠳᠦ ᠬᠡᠴᠡᠭᠦᠦ ᠡᠭᠡᠳᠡᠷᠡᠭᠡᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠣᠷᠣᠨ ᠳᠠᠶᠠᠭᠠᠷ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ᠂ ᠠᠷᠪᠠᠨ ᠬᠤᠶᠠᠳᠤᠭᠠᠷ ᠪᠦᠬᠦᠳᠡ ᠬᠤᠷᠠᠯ ᠪᠣᠯᠣᠨ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾᠎ ᠤᠨ ᠳᠤᠬᠢᠷᠠᠭᠤᠯᠤᠯᠳᠠ ᠶᠤᠰᠤᠭᠠᠷ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢ ᠨᠢᠬᠡᠳᠦᠯᠳᠡᠢ ᠳᠦᠯᠦᠪᠵᠢᠬᠦᠯᠵᠤ᠂ ︽ᠵᠢᠷᠭᠤᠭ᠎ᠠ ᠶᠢ ᠳᠤᠬᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠥ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠥ ᠠᠬᠤᠢ ᠶᠢᠨ ᠡᠷᠬᠢᠯᠳᠡ ᠳᠤᠬᠳᠠᠭᠤᠨ ᠢᠶᠠᠷ ᠰᠡᠷᠬᠦᠵᠥ᠂ ᠨᠡᠶᠢᠬᠡᠮ ᠤᠨ ᠶᠡᠭᠡ ᠲᠠᠯ᠎ᠠ ᠶᠢᠨ ᠵᠤᠬᠢᠴᠠᠩᠭᠤᠢ ᠳᠤᠬᠳᠠᠭᠤᠨ ᠪᠠᠶᠢᠳᠠᠯ ᠢᠶᠠᠨ ᠪᠠᠳᠤᠯᠠᠵᠠᠢ᠃ ︽ᠠᠷᠪᠠᠨ ᠭᠤᠷᠪᠠᠳᠤᠭᠠᠷ ᠳᠠᠪᠤᠨ ᠵᠢᠯ︾ ᠰᠢᠪᠳᠤᠷᠠᠭᠠᠨ ᠳᠠᠭᠠᠨ ᠤᠷᠤᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠡᠯᠳᠡ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠳᠠᠶᠢᠯᠠᠯᠳᠤᠭᠠᠨ ᠬᠢᠬᠦ ᠲᠠᠯ᠎ᠠ ᠪᠠᠷ ᠰᠢᠢᠳᠪᠦᠷᠢᠳᠤ ᠴᠢᠨᠠᠷᠲᠠᠢ ᠦᠷ᠎ᠡ ᠪᠦᠲᠦᠮᠵᠢ ᠣᠯᠵᠠᠢ ᠭᠡᠵᠦ ᠵᠢᠭᠠᠵᠥ ᠭᠠᠷᠭᠠᠪᠠ᠃
     ᠬᠤᠷᠠᠯ ᠠᠴᠠ᠂ ᠳᠠᠷᠠᠭ᠎ᠠ ᠵᠢᠯ ᠤᠨ ᠠᠵᠥ ᠠᠬᠤᠢ ᠶᠢᠨ ᠠᠵᠢᠯ ᠢ ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ᠂ ᠳᠦᠪ ᠤᠨ ᠠᠵᠥ ᠠᠬᠤᠢ ᠶᠢᠨ ᠠᠵᠢᠯ ᠤᠨ ᠬᠤᠷᠠᠯ ᠤᠨ ᠵᠤᠷᠢᠬ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠳᠦᠢᠯᠪᠤᠷᠢᠳᠠᠢ ᠦᠢᠯᠠᠭᠠᠵᠤ ᠳᠦᠢᠯᠪᠤᠷᠢᠳᠠᠢ ᠰᠤᠳᠤᠯᠤᠨ ᠳᠦᠢᠯᠪᠤᠷᠢᠳᠠᠢ ᠨᠠᠶᠢᠳᠠᠪᠤᠷᠢᠵᠢᠭᠤᠯᠵᠤ᠂ ᠳᠠᠷᠠᠭ᠎ᠠ ᠵᠢᠯ ᠤᠨ ᠠᠵᠢᠯ ᠢ ᠦᠨᠡᠨ ᠬᠦ ᠰᠠᠶᠢᠳᠤᠷ ᠳᠦᠯᠦᠪᠵᠢᠬᠦᠯᠬᠦ ᠬᠡᠷᠡᠭᠳᠡᠢ᠃ ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠬᠤ ᠬᠡᠷᠡᠭᠳᠠᠢ᠃ ᠤᠳᠤᠬᠠᠨ ᠤ ᠠᠵᠤ ᠠᠬᠤᠢ ᠶᠢᠨ ᠡᠷᠭᠢᠯᠳᠡ ᠳᠤ ᠲᠤᠯᠭᠠᠷᠠᠵᠤ ᠪᠠᠶᠢᠭ᠎ᠠ ᠠᠰᠠᠭᠤᠳᠠᠯ ᠤᠨ ᠭᠦᠨ ᠳᠠᠪᠬᠤᠷᠭ᠎ᠠ ᠶᠢᠨ ᠰᠢᠯᠲᠠᠭᠠᠨ ᠢ ᠵᠠᠳᠠᠯᠤᠨ ᠦᠨᠳᠦᠰᠦ ᠰᠢᠯᠲᠠᠭᠠᠨ ᠢ ᠨᠢ ᠤᠯᠵᠤ᠂ ᠡᠪᠡᠳᠴᠢᠨ ᠳᠤᠨᠢ ᠲᠠᠭᠠᠷᠠᠭᠤᠯᠤᠨ ᠡᠮ ᠦᠭᠬᠦ ᠬᠡᠷᠡᠭᠳᠠᠢ᠃ ᠰᠢᠨ᠎ᠡ ᠶᠢ ᠡᠭᠦᠳᠬᠦ ᠶᠢ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢᠨ ᠪᠦᠬᠦ ᠲᠠᠯ᠎ᠠ ᠶᠢᠨ ᠭᠤᠤᠯᠯᠠᠬᠤ ᠪᠠᠶᠢᠷᠢᠨ ᠳᠤ ᠲᠠᠯᠪᠢᠵᠤ᠂ ᠰᠢᠨ᠎ᠡ ᠶᠢ ᠡᠭᠦᠳᠬᠦ ᠲᠠᠯ᠎ᠠ ᠪᠠᠷ ᠰᠢᠪᠳᠤᠯᠤᠯᠳᠠ ᠭᠠᠷᠭᠠᠬᠤ ᠬᠡᠷᠡᠭᠳᠠᠢ᠃ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠬᠡᠷᠬᠢᠨ ᠠᠭᠤᠰᠤᠯᠴᠠᠬᠤ ᠶᠢ ᠴᠢᠨᠠᠭᠰᠢᠳᠠ ᠰᠤᠳᠤᠯᠵᠤ᠂ ᠦᠨᠡᠨ ᠪᠤᠳᠠᠳᠠᠢ ᠰᠡᠳᠭᠢᠮᠵᠢ ᠪᠠ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠠᠴᠠ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠱᠠᠯᠠᠪᠳᠠᠨ ᠲᠡᠭᠦᠯᠳᠡᠷᠵᠢᠭᠦᠯᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠤᠨ᠂ ᠥᠮᠴᠢᠯᠡᠯ ᠤᠨ ᠡᠷᠬᠡ ᠶᠢᠨ ᠳᠦᠷᠢᠮ ᠢ ᠲᠡᠭᠦᠯᠳᠡᠷᠵᠢᠭᠦᠯᠬᠦ ᠪᠠ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠪᠠᠷ ᠰᠢᠪᠳᠤᠯᠤᠯᠳᠠ ᠶᠢᠨ ᠴᠡᠭ ᠪᠤᠯᠭᠠᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠳᠤ ᠴᠢᠨᠠᠷᠳᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠬᠦᠭᠵᠢᠭᠡᠵᠤ᠂ ᠮᠠᠨ ᠤ ᠣᠷᠣᠨ ᠤ ᠠᠵᠤ ᠠᠬᠤᠢ ᠶᠢᠨ ᠨᠡᠩ ᠴᠢᠨᠠᠷ ᠰᠠᠶᠢᠳᠠᠢ᠂ ᠨᠡᠩ ᠪᠦᠲᠦᠮᠵᠢᠳᠠᠢ᠂ ᠨᠡᠩ ᠲᠦᠪ ᠭᠤᠤᠯᠴᠢ᠂ ᠨᠡᠩ ᠦᠷᠭᠦᠯᠵᠢᠯᠡᠬᠦ ᠬᠦᠭᠵᠢᠯᠳᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
     ᠬᠤᠷᠠᠯ ᠠᠴᠠ᠂ ᠤᠳᠤ ᠦᠶ᠎ᠡ ᠶᠢᠨ ᠤᠷᠴᠢᠨ ᠲᠤᠭᠤᠷᠢᠨ ᠤ ᠵᠠᠰᠠᠯᠳᠠ ᠶᠢᠨ ᠰᠢᠰᠲ᠋ᠧᠮ ᠢ ᠪᠠᠶᠢᠭᠤᠯᠬᠤ ᠪᠤᠯ ᠲᠦᠪ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠲᠦᠭᠡᠨ ᠪᠠᠶᠢᠭᠤᠯᠬᠤ ᠳᠤ ᠤᠳᠤ ᠦᠶ᠎ᠡ ᠶᠢᠨ ᠤᠷᠴᠢᠨ ᠲᠤᠭᠤᠷᠢᠨ ᠤ ᠵᠠᠰᠠᠯᠳᠠ ᠶᠢᠨ ᠰᠢᠰᠲ᠋ᠧᠮ ᠢ ᠪᠠᠶᠢᠭᠤᠯᠬᠤ ᠶᠢ ᠨᠡᠩ ᠲᠤᠯᠭᠠᠮ ᠱᠠᠭᠠᠷᠳᠠᠵᠤ ᠪᠠᠶᠢᠨ᠎ᠠ᠃ ᠡᠯ᠎ᠡ ᠭᠠᠵᠠᠷ ᠤᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠦᠨᠡᠨ ᠬᠦ ᠳᠡᠭᠡᠭᠰᠢᠯᠡᠭᠦᠯᠵᠤ᠂ ᠣᠳᠣ ᠦᠶ᠎ᠡ ᠶᠢᠨ ᠤᠷᠴᠢᠨ ᠲᠤᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠲᠣᠪᠣᠶᠢᠮ᠎ᠠ ᠪᠠᠶᠢᠷᠢᠨ ᠳᠤ ᠲᠠᠯᠪᠢᠨ᠂ ᠠᠮᠢ ᠠᠬᠤᠢ ᠤᠷᠴᠢᠨ ᠲᠤᠭᠤᠷᠢᠨ ᠤ ᠦᠨᠳᠦᠷ ᠲᠦᠪᠰᠢᠨ ᠲᠠᠢ ᠬᠠᠮᠠᠭᠠᠯᠠᠯᠳᠠ ᠪᠠ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠬᠤᠷᠠᠯ ᠠᠴᠠ ᠪᠠᠰᠠ ᠪᠦᠬᠦ ᠤᠷᠤᠨ ᠤ ᠢᠳᠡᠭᠡᠨ ᠤ ᠠᠮᠤᠷ ᠲᠦᠪᠰᠢᠨ ᠤ ᠠᠵᠢᠯ᠂ ︽ᠠᠷᠪᠠᠨ ᠳᠦᠷᠪᠡᠳᠦᠭᠡᠷ ᠲᠠᠪᠤᠨ ᠵᠢᠯ︾᠎ ᠤᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠡᠨᠧᠷᠬᠢ ᠶᠢᠨ ᠬᠤᠷᠣᠭᠳᠠᠭᠤᠯᠤᠯ ᠤᠨ ᠡᠷᠴᠢᠮ ᠢ ᠡᠵᠡᠮᠳᠡᠬᠦ ᠠᠵᠢᠯ ᠤᠨ ᠮᠡᠳᠡᠭᠦᠯᠦᠯᠳᠡ ᠶᠢ ᠰᠤᠨᠤᠰᠴᠤ᠂ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠭᠦᠷ ᠤᠨ ᠡᠵᠡᠮᠰᠢᠯ ᠲᠣᠬᠢᠷᠠᠭᠤᠯᠭ᠎ᠠ ᠶᠢ ᠦᠨᠡᠯᠡᠨ ᠰᠢᠯᠭᠠᠬᠤ ᠲᠤᠬᠠᠢ ᠲᠦᠷ ᠬᠡᠷᠡᠭᠵᠢᠭᠦᠯᠬᠦ ᠠᠷᠭ᠎ᠠ᠂ ᠪᠡᠶ᠎ᠡ ᠶᠢᠨ ᠲᠠᠮᠢᠷ ᠪᠠ ᠰᠤᠷᠭᠠᠨ ᠬᠥᠮᠥᠵᠢᠯ ᠢ ᠠᠭᠤᠰᠤᠯᠴᠠᠭᠤᠯᠬᠤ ᠪᠠᠷ ᠲᠠᠮᠵᠢᠨ ᠦᠪᠦᠷ ᠮᠣᠩᠭᠤᠯ ᠤᠨ ᠬᠦᠯ ᠪᠦᠮᠪᠦᠭᠡ ᠶᠢᠨ ᠰᠫᠤᠷᠲ ᠤᠨ ᠦᠭᠡᠷᠡᠴᠢᠯᠡᠯᠳᠡ ᠬᠦᠭᠵᠢᠯᠳᠡ ᠶᠢ ᠭᠦᠨᠵᠡᠭᠡᠶᠢᠷᠡᠭᠦᠯᠬᠦ ᠵᠡᠷᠭᠡ ᠠᠵᠢᠯ ᠢ ᠰᠤᠳᠤᠯᠵᠠᠢ᠃ ᠬᠤᠷᠠᠯ ᠠᠴᠠ    ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤᠭᠳᠠᠭᠠᠬᠤ ᠵᠢᠷᠦᠮ ᠤᠨ ᠲᠤᠭᠳᠠᠭᠠᠯ ︵ᠵᠠᠰᠠᠪᠤᠷᠢ ᠤᠷᠤᠭᠤᠯᠤᠭᠰᠠᠨ︶︾᠎ ᠢ ᠬᠢᠨᠠᠨ ᠵᠥᠪᠯᠡᠵᠦ ᠪᠠᠳᠤᠯᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ