ᠪᠦ᠋ ᠰᠢᠶᠤᠤ ᠯᠢᠨ ᠤᠯᠠᠭᠠᠨᠴᠠᠪ ᠬᠤᠳᠠ ᠳᠤ ᠬᠦᠨᠵᠡᠭᠡᠶᠢᠷᠠᠨ ᠶᠠᠳᠠᠭᠤ ᠬᠦᠴᠢᠷᠳᠡᠯᠳᠠᠢ ᠤᠯᠠᠨ ᠲᠦᠮᠡᠨ ᠬᠤᠪᠸᠢ ᠶᠢ ᠲᠤᠰᠠᠯᠠᠬᠰᠠᠨ ᠡᠮᠴᠢᠯᠡᠭᠡᠨ ᠤ ᠠᠵᠢᠯᠳᠠᠨ ᠪᠠ ᠦᠨᠳᠤᠰᠤᠨ ᠱᠠᠳᠤᠨ ᠤ ᠠᠷᠠᠳ ᠤᠨ ᠴᠠᠬᠳᠠᠭ᠎ᠠ ᠶᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2021/1/8

     1 ᠰᠠᠷ᠎ᠡ ᠶᠢᠨ 5᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠴᠠᠪ ᠬᠤᠳᠠ ᠶᠢᠨ ᠰᠢᠩ ᠾᠧ ᠰᠢᠶᠠᠨ᠂ ᠵᠢᠨᠢᠩ ᠲᠤᠭᠤᠷᠢᠭ ᠲᠤ ᠬᠦᠷᠴᠤ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠢ ᠲᠦᠯᠦᠭᠡᠯᠡᠨ ᠶᠠᠳᠠᠭᠤ ᠬᠦᠴᠢᠷᠳᠡᠯᠳᠠᠢ ᠤᠯᠠᠨ ᠲᠦᠮᠡᠨ᠂ ᠬᠤᠪᠸᠢ ᠶᠢ ᠲᠤᠰᠠᠯᠠᠬᠰᠠᠨ ᠡᠮᠴᠢᠯᠡᠭᠡᠨ ᠤ ᠠᠵᠢᠯᠳᠠᠨ ᠪᠠ ᠦᠨᠳᠤᠰᠤᠨ ᠱᠠᠳᠤᠨ ᠤ ᠠᠷᠠᠳ ᠤᠨ ᠴᠠᠬᠳᠠᠭ᠎ᠠ ᠶᠢ ᠪᠤᠯᠭᠤᠭᠠᠨ ᠲᠤᠬᠤᠨᠢᠭᠤᠯᠪᠠ᠃







     ᠬᠤᠷᠢᠨ ᠳᠦᠷᠪᠡᠨ ᠴᠠᠭ ᠤᠯᠠᠷᠢᠯ ᠤᠨ ᠪᠠᠭ᠎ᠠ ᠬᠦᠢᠳᠠᠨ ᠪᠤᠯᠬᠤᠶ᠎ᠡ᠂ ᠠᠭᠤᠷ ᠠᠮᠢᠰᠬᠤᠯ ᠮᠠᠰᠢ ᠬᠦᠢᠳᠡᠷᠡᠪᠡ᠃ ᠪᠦ᠋ ᠰᠢᠶᠤᠤ ᠯᠢᠨ ᠬᠠᠬᠢᠷ ᠬᠦᠢᠳᠡᠨ ᠢᠶᠠᠷ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠡᠯ ᠲᠠᠢ ᠽᠢ ᠲᠤᠰᠬᠤᠨ ᠳᠤ ᠬᠦᠷᠴᠤ᠂ ᠠᠳᠡᠬᠢ ᠶᠠᠳᠠᠭᠤ ᠬᠦᠴᠢᠷᠳᠡᠯᠳᠠᠢ ᠤᠯᠠᠨ ᠲᠦᠮᠡᠨ ᠢ ᠪᠤᠯᠭᠤᠭᠠᠨ ᠲᠤᠬᠤᠨᠢᠭᠤᠯᠪᠠ᠃ ᠲᠡᠷᠡ ᠤᠷᠢᠳ ᠬᠤᠵᠢᠳ ᠬᠠᠷᠢᠯᠴᠠᠨ ᠲᠤᠰᠠᠯᠠᠯᠴᠠᠬᠤ ᠵᠢᠷᠭᠠᠯ ᠤᠨ ᠬᠦᠷᠢᠶᠡᠯᠡᠩ ᠤᠨ ᠵᠠᠩ ᠯᠦᠩ ᠹᠧᠩ ᠨᠠᠰᠤᠳᠠᠨ ᠪᠠ ᠸᠠᠩ ᡁᠢ ᠴᠢᠶᠠᠩ ᠨᠠᠰᠤᠳᠠᠨ ᠤ ᠬᠢᠨ ᠳᠤ ᠬᠦᠷᠴᠤ᠂ ᠤᠷᠤᠨ ᠰᠠᠭᠤᠴᠠ ᠶᠢᠨ ᠨᠦᠬᠦᠴᠡᠯ᠂ ᠲᠤᠯᠠᠭᠠᠯᠠᠭ᠎ᠠ ᠶᠢᠨ ᠲᠦᠬᠦᠭᠡᠷᠤᠮᠵᠢ᠂ ᠰᠢᠳᠠᠭᠠᠯᠭ᠎ᠠ ᠶᠢᠨ ᠨᠡᠬᠦᠷᠡᠰᠤᠨ ᠤ ᠨᠦᠭᠡᠴᠠ ᠵᠡᠷᠭᠡ ᠪᠠᠶᠢᠳᠠᠯ ᠢ ᠨᠢ ᠪᠠᠶᠢᠴᠠᠭᠠᠨ ᠦᠵᠡᠵᠤ᠂ ᠬᠠᠨᠵᠤᠨ ᠳᠡᠭᠡᠷ᠎ᠠ ᠨᠢ ᠰᠠᠭᠤᠭᠠᠳ ᠨᠠᠰᠤᠳᠠᠳ ᠲᠠᠢ ᠲᠤᠳᠤᠨᠤ ᠪᠠᠷ ᠶᠠᠷᠢᠯᠴᠠᠨ᠂ ᠠᠮᠢᠳᠤᠷᠠᠯ ᠤᠨ ᠤᠷᠤᠯᠭ᠎ᠠ ᠶᠢᠨ ᠢᠷᠡᠯᠳᠠ᠂ ᠡᠪᠡᠳᠴᠢᠨ ᠦᠵᠡᠬᠦᠯᠵᠤ ᠡᠮᠨᠡᠬᠦᠯᠬᠦ᠂ ᠦᠷ᠎ᠡ ᠭᠡᠤᠭᠡᠳ ᠤᠨ ᠬᠢᠨᠢ ᠠᠵᠢᠯ ᠤᠯᠤᠬᠰᠡᠨ ᠵᠡᠷᠭᠡ ᠪᠠᠶᠢᠳᠠᠯ ᠢ ᠨᠢ ᠤᠢᠢᠯᠠᠭᠠᠵᠤ᠂ ᠨᠠᠰᠤᠳᠠᠳ ᠤᠨ ᠪᠠᠶ᠎ᠡ ᠮᠠᠬᠠᠪᠤᠳ ᠤᠨ ᠡᠷᠡᠬᠦᠯ ᠡᠩᠭᠡ᠂ ᠠᠮᠢᠳᠤᠷᠠᠯ ᠵᠤᠯ ᠵᠢᠷᠭᠠᠯ ᠲᠠᠢ ᠪᠠᠶᠢᠬᠤ ᠶᠢ ᠵᠦᠡᠭᠨᠡᠨ ᠪᠡᠯᠭᠡᠲᠡᠪᠡ᠃ ᠶᠠᠳᠠᠭᠤ ᠠᠴᠠ ᠠᠩᠭᠢᠵᠢᠷᠠᠬᠰᠡᠨ ᠡᠷᠦᠭᠡ ᠳ᠋ᠤᠸᠠᠨ ᡁᠢ ᠫᠢᠩ ᠤᠨ ᠬᠢᠨ ᠳᠤ᠂ ᠪᠦ᠋ ᠰᠢᠶᠤᠤ ᠯᠢᠨ ᠶᠠᠳᠠᠭᠤ ᠠᠴᠠ ᠠᠩᠭᠢᠵᠢᠷᠠᠬᠰᠡᠨ ᠤ ᠲᠠᠷᠠᠭᠠᠬᠢ ᠪᠠᠶᠢᠳᠠᠯ ᠢ ᠨᠢ ᠨᠠᠷᠢᠨ ᠤᠢᠢᠯᠠᠭᠠᠵᠤ᠂ ᠳ᠋ᠤᠸᠠᠨ ᡁᠢ ᠫᠢᠩ ᠡᠷ᠎ᠡ ᠡᠮ᠎ᠡ ᠬᠤᠶᠠᠭᠤᠯᠠ ᠲᠠᠢ ᠤᠷᠤᠯᠭ᠎ᠠ ᠶᠢᠨ ᠲᠠᠩᠰᠠ᠂ ᠬᠦᠭᠵᠢᠯᠳᠠ ᠶᠢᠨ ᠲᠠᠩᠰᠠ ᠶᠢ ᠨᠢ ᠪᠤᠳᠤᠪᠠ᠃ ᠲᠡᠷᠡ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠢᠯᠡᠯᠳᠠ ᠤᠯᠤᠬᠰᠡᠨ ᠤ ᠲᠠᠷᠠᠭ᠎ᠠ᠂ ᠨᠠᠮ ᠪᠠ ᠤᠯᠤᠰ ᠠᠴᠠ ᠪᠠᠰᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠭᠦᠢ ᠬᠢᠨᠡᠨ ᠬᠡᠮᠵᠢᠯᠳᠠ ᠪᠠ ᠬᠠᠪᠰᠤᠷᠤᠨ ᠲᠡᠳᠬᠦᠬᠦ ᠲᠤᠬᠳᠠᠴᠠ ᠶᠢ ᠪᠦᠷᠢᠨᠰᠢᠬᠦᠯᠤᠨ᠎ᠡ ᠭᠡᠵᠤ ᠬᠡᠯᠡᠪᠡ᠃ ᠲᠡᠷᠡ ᠶᠠᠳᠠᠭᠤ ᠠᠴᠠ ᠠᠩᠭᠢᠵᠢᠷᠠᠬᠰᠡᠨ ᠤᠯᠠᠨ ᠲᠦᠮᠡᠨ ᠢ ᠨᠠᠮ ᠤᠨ ᠠᠴᠢ ᠶᠢ ᠪᠠᠳᠤ ᠴᠡᠭᠡᠵᠢᠯᠡᠵᠤ᠂ ᠢᠳᠡᠭᠡᠯ ᠵᠤᠷᠢᠭ ᠢᠶᠠᠨ ᠨᠡᠮᠡᠭᠳᠡᠬᠦᠯᠵᠤ᠂ ᠰᠢᠷᠭᠠᠭᠤ ᠬᠠᠳᠠᠭᠤᠵᠢᠯᠳᠠᠢ ᠬᠦᠳᠡᠯᠮᠤᠷᠢᠯᠡᠵᠤ᠂ ᠠᠮᠢᠳᠤᠷᠠᠯ ᠢᠶᠠᠨ ᠤᠯᠠᠮ ᠰᠠᠶᠢᠵᠢᠷᠠᠭᠤᠯᠬᠤ ᠶᠢ ᠬᠦᠰᠡᠪᠠ᠃ ᠴᠧᠩ ᠭᠤᠸᠠᠨ ᠪᠠᠯᠭᠠᠰᠤᠨ ᠤ ᠠᠵᠢᠯ ᠠᠯᠳᠠᠭᠠᠳ ᠠᠵᠢᠯ ᠤᠯᠬᠤ ᠳᠤ ᠬᠦᠴᠢᠷᠳᠡᠯᠳᠠᠢ ᠪᠠᠶᠢᠭ᠎ᠠ ᠡᠷᠦᠭᠡ ᠶᠠᠩ ᠢᠦᠢ ᠶᠢᠩ ᠤᠨ ᠬᠢᠨ ᠳᠤ᠂ ᠪᠦ᠋ ᠰᠢᠶᠤᠤ ᠯᠢᠨ ᠲᠡᠬᠦᠨ ᠲᠠᠢ ᠲᠤᠳᠤᠨᠤ ᠪᠠᠷ ᠶᠠᠷᠢᠯᠴᠠᠵᠤ᠂ ᠤᠳᠤᠬᠠᠨ ᠤ ᠠᠮᠢᠳᠤᠷᠠᠯ ᠤᠨ ᠪᠠᠶᠢᠳᠠᠯ ᠢ ᠨᠢ ᠨᠠᠷᠢᠨ ᠤᠢᠢᠯᠠᠭᠠᠵᠤ᠂ ᠶᠠᠮᠠᠷ ᠬᠦᠴᠢᠷᠳᠡᠯ ᠲᠠᠢ ᠪᠠᠶᠢᠭ᠎ᠠ ᠶᠢ ᠨᠢ ᠠᠰᠠᠭᠤᠨ ᠯᠠᠪᠯᠠᠬᠰᠡᠨ ᠪᠦᠭᠡᠳ ᠡᠯ᠎ᠡ ᠱᠠᠳᠤᠨ ᠤ ᠵᠠᠰᠠᠭ ᠤᠨ ᠤᠷᠳᠤᠨ ᠢ ᠤᠯᠠᠨ ᠲᠦᠮᠡᠨ ᠤ ᠠᠮᠤᠷ ᠲᠦᠪᠰᠢᠨ ᠬᠠᠯᠠᠭᠤᠨ ᠲᠤᠯᠠᠭᠠᠨ ᠢ ᠦᠨᠡᠨ ᠬᠦ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠢ ᠬᠠᠪᠰᠤᠷᠤᠨ ᠪᠤᠳᠠᠳᠠᠢ ᠬᠦᠴᠢᠷᠳᠡᠯ ᠪᠠ ᠠᠰᠠᠭᠤᠳᠠᠯ ᠢ ᠨᠢ ᠦᠨᠡᠨ ᠰᠡᠳᠬᠢᠯ ᠠᠴᠠ ᠪᠠᠨ ᠰᠢᠢᠳᠪᠤᠷᠢᠯᠡᠵᠤ ᠦᠭᠴᠤ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠬᠦᠯᠬᠦ ᠭᠡᠷᠡᠭᠳᠠᠢ ᠭᠡᠵᠤ ᠱᠠᠭᠠᠷᠳᠠᠪᠠ᠃



     ᠤᠯᠠᠭᠠᠨᠴᠠᠪ ᠬᠤᠳᠠ ᠶᠢᠨ ᠮᠤᠩᠭᠤᠯ ᠬᠢᠳᠡᠳ ᠡᠮᠨᠡᠯᠬᠡ ᠶᠢᠨ ᠬᠤᠷᠢᠶᠠᠨ ᠳᠤ᠂ ᠪᠦ᠋ ᠰᠢᠶᠤᠤ ᠯᠢᠨ ᠬᠤᠪᠸᠢ ᠶᠢ ᠲᠤᠰᠠᠯᠠᠬᠰᠠᠨ ᠡᠮᠴᠢᠯᠡᠭᠡᠨ ᠤ ᠠᠵᠢᠯᠳᠠᠨ ᠢ ᠡᠷᠬᠢᠨ ᠦᠵᠡᠵᠤ ᠲᠤᠬᠤᠨᠢᠭᠤᠯᠪᠠ᠃ ᠡᠮᠨᠡᠯᠬᠡ ᠶᠢᠨ ᠬᠤᠷᠢᠶᠠᠨ ᠤ 16 ᠡᠮᠴᠢᠯᠡᠭᠡᠨ ᠤ ᠠᠵᠢᠯᠳᠠᠨ ᠪᠤᠯ ᠤᠯᠠᠭᠠᠨᠴᠠᠪ ᠬᠤᠳᠠ ᠶᠢᠨ ᠲᠦᠷᠤᠬᠦᠤ ᠪᠦᠯᠦᠭ ᠤᠨ ᠬᠤᠪᠸᠢ ᠶᠢ ᠲᠤᠰᠠᠯᠠᠬᠰᠠᠨ ᠰᠦᠷᠴᠦ ᠤᠷᠤᠬᠰᠢᠯᠠᠬᠰᠠᠳ ᠪᠤᠯᠤᠨ᠎ᠠ᠂ 2020 ᠣᠨ ᠤ 1 ᠰᠠᠷ᠎ᠠ ᠶᠢᠨ 28᠎ ᠤ ᠡᠳᠤᠷ ᠬᠤᠪᠸᠢ ᠳᠤ ᠬᠦᠷᠴᠤ᠂ ᠵᠢᠩ ᠮᠧᠨ ᠬᠤᠳᠠ ᠶᠢᠨ ᠨᠢᠬᠡᠳᠤᠭᠡᠷ ᠠᠷᠠᠳ ᠤᠨ ᠡᠮᠨᠡᠯᠬᠡ ᠶᠢᠨ ᠬᠤᠷᠢᠶ᠎ᠠ᠂ ᠵᠦᠩ ᠰᠢᠶᠠᠩ ᠬᠤᠳᠠ ᠶᠢᠨ ᠲᠦᠩ ᠷᠧᠨ ᠡᠮᠨᠡᠯᠬᠡ ᠶᠢᠨ ᠬᠤᠷᠢᠶ᠎ᠠ ᠵᠡᠷᠬᠡ ᠡᠮᠴᠢᠯᠡᠬᠡᠨ ᠤ ᠪᠠᠶᠢᠭᠤᠯᠤᠮᠵᠢ ᠳᠤ 50 ᠭᠠᠷᠤᠢ ᠡᠳᠤᠷ ᠪᠠᠶᠢᠯᠳᠤᠨ ᠲᠡᠮᠡᠴᠡᠵᠡᠢ᠃ ᠪᠦ᠋ ᠰᠢᠶᠤᠤ ᠯᠢᠨ ᠲᠡᠳᠡᠨ ᠲᠠᠢ ᠨᠢᠬᠡᠳ ᠨᠢᠬᠡ ᠪᠠᠷ ᠭᠠᠷ ᠠᠳᠬᠤᠵᠤ ᠬᠦᠨᠳᠤᠳᠬᠡᠯ ᠪᠤᠯᠤᠨ ᠲᠠᠯᠠᠷᠬᠠᠯ ᠢᠶᠠᠨ ᠲᠡᠪᠰᠢᠬᠦᠯᠪᠠ᠃ ᠲᠡᠷᠡ᠂ ᠲᠠ ᠨᠠᠷ ᠬᠠᠮᠤᠬ ᠤᠨ ᠠᠶᠤᠯ ᠲᠠᠢ ᠴᠠᠬ ᠦᠶ᠎ᠠ ᠳᠤ ᠴᠡᠬᠡᠵᠢ ᠲᠦᠷᠤᠨ ᠤᠷᠤᠵᠤ᠂ ᠴᠤᠴᠠᠯᠳᠠ ᠦᠬᠡᠢ ᠪᠠᠷ ᠬᠢᠵᠢᠭ ᠲᠠᠢ ᠲᠡᠮᠡᠴᠡᠬᠦ ᠡᠮᠤᠨ᠎ᠠ ᠹᠷᠣᠨᠲ ᠲᠤ ᠭᠠᠪᠰᠢᠭᠠᠢᠢᠯᠠᠵᠤ᠂ ᠴᠦᠬᠦᠷᠡᠰᠢ ᠦᠬᠡᠢ ᠲᠡᠮᠡᠴᠡᠵᠤ᠂ ᠬᠠᠷᠠᠮ ᠦᠬᠡᠢ ᠵᠤᠷᠢᠭᠤᠯᠵᠤ᠂ ᠬᠤᠪᠸᠢ ᠶᠢ ᠲᠤᠰᠠᠯᠠᠬᠤ ᠡᠬᠦᠷᠬᠡ ᠪᠠᠨ ᠲᠡᠬᠦᠰ ᠠᠮᠵᠢᠯᠳᠠ ᠲᠠᠢ ᠪᠡᠶᠡᠯᠡᠬᠦᠯᠵᠠᠢ᠃ ᠤᠳᠤᠬᠠᠨ ᠳᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠳᠠᠯ ᠮᠦᠨ ᠯᠠ ᠬᠦᠨᠳᠤ ᠨᠤᠴᠢᠳᠠᠢ ᠪᠤᠳᠤᠯᠢᠶᠠᠨᠳᠠᠢ ᠪᠠᠶᠢᠬᠰᠠᠭᠠᠷ᠂ ᠤᠯᠠᠨ ᠢᠶᠠᠷ ᠢᠶᠠᠨ ᠦᠷᠬᠦᠯᠵᠢᠯᠠᠨ ᠡᠮᠴᠢᠯᠡᠭᠡᠨ ᠤ ᠠᠵᠢᠯᠳᠠᠨ ᠤ ᠲᠠᠷᠬᠠᠨ ᠡᠬᠦᠷᠬᠡ ᠪᠠᠨ ᠴᠢᠩ ᠦᠨᠡᠨᠴᠢ ᠪᠠᠷ ᠬᠦᠢᠴᠡᠳᠬᠡᠬᠦ ᠶᠢᠨ ᠬᠠᠮᠳᠤ ᠬᠤᠪᠢ ᠬᠦᠮᠤᠨ ᠤ ᠰᠡᠷᠬᠡᠶᠢᠯᠠᠯᠳᠠ ᠬᠠᠮᠠᠭᠠᠯᠠᠯᠳᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠬᠡᠵᠤ ᠬᠡᠯᠡᠪᠡ᠃ ᠲᠡᠷᠡ ᠡᠮᠨᠡᠯᠬᠡ ᠶᠢᠨ ᠬᠤᠷᠢᠶᠠᠨ ᠤ ᠬᠢᠨ ᠢ ᠳᠤᠳᠤᠭᠠᠳᠤ ᠳᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢᠶᠠᠨ ᠨᠠᠷᠢᠨ ᠬᠢᠨᠠᠮᠠᠭᠠᠢ ᠰᠠᠶᠢᠳᠤᠷ ᠬᠢᠵᠤ᠂ ᠡᠮᠴᠢᠯᠡᠭᠡᠨ ᠤ ᠠᠵᠢᠯᠳᠠᠨ ᠤ ᠪᠡᠶ᠎ᠠ ᠰᠡᠳᠬᠢᠯ ᠤᠨ ᠡᠷᠡᠬᠦᠯ ᠮᠡᠨᠳᠤ ᠶᠢ ᠬᠠᠯᠠᠮᠵᠢᠯᠠᠨ ᠬᠠᠶᠢᠷᠠᠯᠠᠬᠤ ᠭᠡᠷᠡᠭᠳᠠᠢ ᠬᠡᠵᠤ ᠱᠠᠭᠠᠷᠳᠠᠪᠠ᠃



     ᠪᠦ᠋ ᠰᠢᠶᠤᠤ ᠯᠢᠨ ᠰᠢᠩ ᠡᡁᠧ ᠰᠢᠶᠠᠨ ᠤ ᠭᠤᠤ ᠮᠢᠶᠤᠤ ᠽᠢ ᠶᠢᠨ ᠳᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠦᠷᠳᠡᠭᠡ ᠳᠤ ᠢᠷᠡᠵᠤ᠂ ᠠᠳᠡ ᠵᠢᠵᠢᠬᠦᠷᠯᠡᠵᠦ ᠪᠠᠶᠢᠭ᠎ᠠ ᠠᠷᠠᠳ ᠤᠨ ᠴᠠᠬᠳᠠᠭ᠎ᠠ ᠶᠢ ᠡᠷᠬᠢᠨ ᠦᠵᠡᠵᠤ ᠲᠤᠬᠤᠨᠢᠭᠤᠯᠵᠤ᠂ ᠵᠠᠮ ᠬᠠᠷᠢᠯᠴᠠᠭ᠎ᠠ ᠶᠢᠨ ᠠᠮᠤᠷ ᠲᠦᠪᠰᠢᠨ ᠪᠤᠯᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠨᠠᠷᠢᠨ ᠤᠢᠢᠯᠠᠭᠠᠪᠠ᠃ ᠲᠡᠷᠡ᠂ ᠭᠤᠤ ᠮᠢᠶᠤᠤ ᠽᠢ ᠶᠢᠨ ᠳᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠦᠷᠳᠡᠬᠡᠨ ᠤ ᠭᠠᠵᠠᠷ ᠵᠦᠢ ᠶᠢᠨ ᠪᠠᠶᠢᠷᠢᠰᠢᠯ ᠲᠦᠢᠯ ᠤᠨ ᠴᠢᠬᠤᠯᠠ ᠪᠠᠶᠢᠵᠤ᠂ ᠵᠠᠮ ᠬᠠᠷᠢᠯᠴᠠᠭ᠎ᠠ ᠶᠢᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠬᠡᠰᠡᠨ ᠴᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠠᠯ᠎ᠠ ᠪᠠᠷ ᠬᠡᠰᠡᠨ ᠴᠦ ᠴᠦᠮ ᠴᠢᠬᠤᠯᠠ ᠤᠢᠢᠯᠡᠳᠤᠯ ᠦᠵᠡᠬᠦᠯᠵᠤ ᠪᠠᠶᠢᠨ᠎ᠠ ᠬᠡᠵᠤ ᠬᠡᠯᠡᠪᠡ᠃ ᠲᠡᠷᠡ ᠵᠢᠵᠢᠬᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠶᠢ ᠲᠤᠬᠠᠢᠢᠯᠠᠬᠰᠠᠨ ᠠᠵᠢᠯ ᠳᠠᠭᠠᠨ ᠰᠠᠭᠤᠷᠢᠯᠠᠵᠤ᠂ ᠪᠠᠳᠤᠯᠠᠭ᠎ᠠ ᠶᠢᠨ ᠴᠢᠳᠠᠪᠬᠢ ᠪᠠᠨ ᠲᠤᠪᠤᠶᠢᠯᠭᠠᠵᠤ᠂ ᠨᠡᠩ ᠯᠠᠪᠳᠠᠭᠤᠨ ᠠᠵᠢᠯ ᠤᠨ ᠰᠤᠷᠳᠠᠯ ᠢᠶᠠᠷ ᠵᠠᠮ ᠬᠠᠷᠢᠯᠴᠠᠭ᠎ᠠ ᠶᠢᠨ ᠰᠠᠭᠠᠳ ᠦᠭᠡᠢ ᠠᠮᠤᠷ ᠲᠦᠪᠰᠢᠨ ᠪᠠᠶᠢᠬᠤ ᠶᠢ ᠬᠠᠮᠠᠭᠠᠯᠠᠬᠤ ᠪᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠨᠢᠬᠳᠠ ᠴᠢᠩᠭ᠎ᠠ ᠰᠡᠷᠬᠡᠶᠢᠯᠡᠯᠳᠠ ᠶᠢᠨ ᠱᠤᠭᠤᠮ ᠢ ᠪᠠᠬᠢᠵᠢᠬᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠶᠢ ᠬᠦᠰᠡᠪᠠ᠃
     ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠲᠤᠬᠤᠨᠢᠭᠤᠯᠬᠤ ᠠᠵᠢᠯᠯᠠᠭ᠎ᠠ ᠳᠤ ᠤᠷᠤᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ