ᠮᠠᠨᠵᠤᠤᠷ ᠪᠣᠭᠤᠮᠲᠠ ᠶᠢᠨ ᠣᠷᠣᠨ ᠳᠤ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠠᠭᠠᠷ ᠤᠨ ᠠᠶᠠᠯᠠᠯ᠂ ᠵᠠᠰᠠᠮᠠᠯ ᠵᠠᠮ᠂ ᠲᠡᠮᠦᠷ ᠵᠠᠮ ᠵᠡᠷᠭᠡ ᠳᠤ ᠪᠦᠷᠢᠨ ᠪᠥᠷᠬᠦᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/1/8
     12 ᠳ᠋ᠤᠭᠠᠷ ᠰᠠᠷ᠎ᠠ ᠶᠢᠨ 28 ᠤ ᠡᠳᠦᠷ᠂ ᠮᠠᠨᠵᠤᠤᠷ ᠪᠣᠭᠤᠮᠲᠠ ᠶᠢᠨ ᠬᠠᠷᠢᠶᠠᠨ ᠳᠠᠬᠢ ᠲᠡᠷᠭᠡᠨ ᠥᠷᠲᠡᠭᠡ ᠶᠢᠨ ᠪᠣᠭᠤᠮᠲᠠ ᠨᠢ ᠬᠠᠪᠲᠠᠰᠤᠨ ᠮᠠᠲ᠋ᠧᠷᠢᠶᠠᠯ ᠢ ᠨᠢᠭᠡ ᠪᠢᠯᠧᠲ ᠢᠶᠠᠷ ᠬᠢᠯᠢ ᠪᠠᠷ ᠣᠷᠣᠭᠤᠯᠬᠤ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠠᠵᠢᠯ ᠢ ᠤᠷᠤᠭᠰᠢᠲᠠᠶ ᠪᠡᠶᠡᠯᠡᠭᠦᠯᠵᠦ᠂ ᠠᠵᠤ ᠠᠬᠤᠶᠢᠯᠠᠯ ᠨᠢ ᠭᠤᠶᠤᠴᠢᠯᠠᠨ ᠮᠡᠳᠡᠭᠦᠯᠬᠦ ᠲᠣᠪᠴᠢ ᠮᠡᠳᠡᠭᠦᠯᠦᠯᠲᠡ ᠪᠠᠨ ᠲᠤᠰᠢᠶᠠᠭᠰᠠᠨ ᠤ ᠳᠠᠷᠠᠭ᠎ᠠ 60 ᠰᠧᠺᠦᠨ᠋ᠳ᠋ ᠲᠤ ᠳᠠᠷᠤᠶ ᠪᠠᠷᠠᠭ᠎ᠠ ᠪᠠᠨ ᠶᠠᠪᠤᠭᠤᠯᠵᠤ ᠪᠣᠯᠬᠤ ᠵᠥᠪᠰᠢᠶᠡᠷᠡᠯ ᠤᠨ ᠮᠡᠳᠡᠭᠳᠡᠯ ᠢ ᠣᠯᠬᠤ ᠪᠣᠯᠪᠠ᠂ ᠡᠨᠡ ᠨᠢ ᠮᠥᠨ ᠴᠦ ᠮᠠᠨᠵᠤᠤᠷ ᠪᠣᠭᠤᠮᠲᠠ ᠶᠢᠨ ᠣᠷᠣᠨ ᠳᠣᠲᠣᠷᠠᠬᠢ ᠬᠠᠮᠤᠭ ᠤᠨ ᠠᠩᠬᠠᠨ ᠤ ᠲᠡᠮᠦᠷ ᠵᠠᠮ ᠤᠨ ᠲᠡᠭᠡᠭᠡᠪᠦᠷᠢ ᠶᠢᠨ ᠵᠠᠭᠪᠤᠷ ᠤᠨ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠲᠤᠬᠠᠶᠢᠯᠠᠭᠰᠠᠨ ᠠᠵᠢᠯ ᠪᠣᠯᠤᠨ᠎ᠠ᠃ 2019 ᠣᠨ ᠤ 10 ᠳ᠋ᠤᠭᠠᠷ ᠰᠠᠷ᠎ᠠ ᠳᠤ ᠮᠠᠨᠵᠤᠤᠷ ᠪᠣᠭᠤᠮᠲᠠ ᠨᠢ ᠪᠥᠬᠦ ᠤᠯᠤᠰ ᠤᠨ ᠪᠣᠭᠤᠮᠲᠠ ᠶᠢᠨ ᠠᠩᠬᠠᠳᠠᠭᠴᠢ ᠵᠠᠰᠠᠮᠠᠯ ᠵᠠᠮ ᠤᠨ ᠵᠠᠭᠪᠤᠷ ᠤᠨ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ ᠮᠠᠨᠵᠤᠤᠷ ᠪᠣᠭᠤᠮᠲᠠ ᠶᠢᠨ ᠣᠷᠣᠨ ᠤ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠨᠢ ᠨᠢᠭᠡᠨᠲᠡ ᠠᠭᠠᠷ ᠤᠨ ᠠᠶᠠᠯᠠᠯ᠂ ᠵᠠᠰᠠᠮᠠᠯ ᠵᠠᠮ᠂ ᠲᠡᠮᠦᠷ ᠵᠠᠮ ᠶᠢᠨ ᠲᠡᠭᠡᠭᠡᠪᠦᠷᠢ ᠵᠡᠷᠭᠡ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃      ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠯ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ︽ᠲᠠᠯᠪᠢᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠷᠠᠯᠵᠢᠶ᠎ᠠ ᠶᠢ ᠳᠥᠭᠦᠮᠴᠢᠯᠡᠬᠦ ᠶᠢ ᠠᠬᠢᠭᠤᠯᠬᠤ ᠶᠢᠨ ᠲᠥᠯᠥᠭᠡ ᠠᠪᠤᠭᠰᠠᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ ᠲᠣᠰ ᠥᠭᠡᠷᠡᠴᠢᠯᠡᠯᠲᠡ ᠨᠢ ᠤᠤᠯ ᠤᠨ ᠭᠠᠳᠠᠭᠠᠳᠤ ᠠᠴᠠ ᠣᠷᠣᠭᠤᠯᠬᠤ ᠠᠵᠢᠯ ᠤᠨ ᠪᠣᠭᠤᠮᠲᠠ ᠳᠤ ᠮᠡᠳᠡᠭᠦᠯᠬᠦ ᠵᠠᠭᠪᠤᠷ ᠢ ︽ᠲᠣᠪᠴᠢ ᠮᠡᠳᠡᠭᠦᠯᠬᠦ︾ ᠪᠠ ︽ᠪᠦᠷᠢᠨ ᠮᠡᠳᠡᠭᠦᠯᠬᠦ︾ ᠬᠤᠶᠠᠷ ᠠᠯᠬᠤᠮ ᠪᠣᠯᠭᠠᠨ ᠰᠢᠯᠢᠳᠡᠭᠵᠢᠭᠦᠯᠪᠡ᠃ ᠲᠣᠪᠴᠢ ᠮᠡᠳᠡᠭᠦᠯᠬᠦ ᠭᠤᠭᠴᠤᠭ᠎ᠠ ᠳᠤ᠂ ᠠᠵᠤ ᠠᠬᠤᠶᠢᠯᠠᠯ ᠨᠢ ᠭᠠᠷᠭᠠᠯᠲᠠ ᠶᠢᠨ ᠬᠠᠭᠤᠳᠠᠰᠤᠨ ᠤ ᠮᠡᠳᠡᠭᠡ ᠵᠠᠩᠭᠢ ᠳᠤ ᠪᠣᠭᠤᠮᠲᠠ ᠶᠢᠨ ᠠᠮᠤᠷ ᠲᠦᠪᠰᠢᠨ ᠢᠶᠠᠷ ᠵᠥᠪᠰᠢᠶᠡᠷᠡᠨ ᠣᠷᠣᠭᠤᠯᠬᠤ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠬᠠᠩᠭᠠᠬᠤ 9 ᠵᠦᠶᠯ ᠤᠨ ᠴᠢᠬᠤᠯᠠ ᠪᠥᠬᠦᠶ ᠮᠡᠳᠡᠭᠡ ᠵᠠᠩᠭᠢ ᠶᠢ ᠲᠤᠰᠢᠶᠠᠵᠤ᠂ ᠵᠥᠪᠰᠢᠶᠡᠷᠡᠯ ᠤᠨ ᠦᠨᠡᠮᠯᠡᠯ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠳᠤ ᠬᠤᠯᠪᠣᠭᠳᠠᠬᠤ ᠡᠳ᠋ ᠪᠠᠷᠠᠭ᠎ᠠ ᠳᠤ ᠳᠠᠬᠢᠨ 7 ᠵᠦᠶᠯ ᠢ ᠲᠤᠰᠢᠶᠠᠪᠠᠯ ᠳᠠᠷᠤᠶ ᠭᠤᠶᠤᠴᠢᠯᠠᠨ ᠮᠡᠳᠡᠭᠦᠯᠵᠦ ᠪᠣᠯᠤᠨ᠎ᠠ᠂ ᠮᠡᠳᠡᠭᠦᠯᠦᠭᠰᠡᠨ ᠤ ᠳᠠᠷᠠᠭᠠᠬᠢ ᠡᠳ᠋ ᠪᠠᠷᠠᠭ᠎ᠠ ᠶᠢ ᠪᠠᠶᠢᠴᠠᠭᠠᠬᠤ ᠴᠢᠬᠤᠯᠠ ᠥᠬᠡᠶ᠂ ᠳᠠᠷᠤᠶ ᠳᠤ ᠨᠢ ᠶᠠᠪᠤᠭᠤᠯᠵᠤ ᠪᠣᠯᠤᠨ᠎ᠠ᠂ ᠭᠠᠶᠢᠯᠢ ᠳᠤ ᠬᠤᠯᠪᠣᠭᠳᠠᠬᠤ ᠡᠳ᠋ ᠪᠠᠷᠠᠭ᠎ᠠ ᠪᠣᠯ ᠬᠦᠴᠦᠨ ᠪᠥᠬᠦᠶ ᠭᠠᠶᠢᠯᠢ ᠶᠢᠨ ᠵᠣᠭᠤᠰ ᠤᠨ ᠳᠠᠭᠠᠭᠠᠯᠲᠠ ᠶᠢ ᠬᠠᠩᠭᠠᠬᠤ ᠬᠡᠷᠡᠭᠲᠡᠶ᠃ ᠠᠵᠤ ᠠᠬᠤᠶᠢᠯᠠᠯ ᠤᠳ ᠲᠡᠭᠡᠭᠡᠪᠦᠷᠢ ᠶᠢᠨ ᠪᠠᠭᠠᠵᠢ ᠬᠡᠷᠡᠭᠰᠡᠯ ᠢᠶᠠᠨ ᠬᠢᠯᠢ ᠪᠠᠷ ᠣᠷᠣᠭᠤᠯᠬᠤ ᠪᠠᠷ ᠭᠤᠶᠤᠴᠢᠯᠠᠨ ᠮᠡᠳᠡᠭᠦᠯᠦᠭᠰᠡᠨ ᠡᠳᠦᠷ ᠠᠴᠠ ᠡᠬᠢᠯᠡᠨ 14 ᠡᠳᠦᠷ ᠤᠨ ᠳᠣᠲᠣᠷ᠎ᠠ ᠪᠦᠷᠢᠨ ᠪᠦᠲᠦᠨ ᠢᠶᠠᠷ ᠭᠤᠶᠤᠴᠢᠯᠠᠨ ᠮᠡᠳᠡᠭᠦᠯᠵᠦ᠂ ᠭᠠᠶᠢᠯᠢ ᠲᠠᠲᠠᠪᠤᠷᠢᠯᠠᠨ ᠬᠠᠮᠢᠶᠠᠷᠬᠤ᠂ ᠬᠢᠷᠢ ᠲᠡᠩᠴᠡᠭᠦ ᠶᠢ ᠦᠨᠡᠯᠡᠨ ᠲᠣᠭᠲᠠᠭᠠᠬᠤ᠂ ᠪᠣᠭᠤᠮᠲᠠ ᠶᠢᠨ ᠲᠤᠭ᠎ᠠ ᠪᠦᠷᠢᠳᠬᠡᠯ ᠵᠡᠷᠭᠡ ᠪᠦᠬᠦᠯᠢ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠬᠠᠩᠭᠠᠬᠤ ᠪᠥᠬᠦ ᠲᠠᠯ᠎ᠠ ᠶᠢᠨ ᠮᠡᠳᠡᠭᠡ ᠵᠠᠩᠭᠢ ᠵᠢᠴᠢ ᠬᠠᠷᠢᠴᠠᠩᠭᠤᠢ ᠪᠦᠬᠦᠢ ᠳᠠᠭᠠᠯᠲᠠ ᠬᠠᠭᠤᠳᠠᠰᠤ ᠪᠠᠷᠢᠮᠲᠠ ᠵᠡᠷᠭᠡ ᠶᠢ ᠨᠥᠬᠦᠪᠥᠷᠢᠯᠡᠨ ᠲᠤᠰᠢᠶᠠᠬᠤ ᠶᠢᠨ ᠬᠠᠮᠲᠤ᠂ ᠭᠠᠶᠢᠯᠢ ᠶᠢᠨ ᠵᠣᠭᠤᠰ ᠲᠤᠰᠢᠶᠠᠬᠤ ᠵᠡᠷᠭᠡ ᠵᠠᠯᠭᠠᠮᠵᠢ ᠭᠠᠷ ᠭᠦᠢᠴᠡᠳᠬᠡᠯ ᠢ ᠭᠦᠢᠴᠡᠳᠬᠡᠵᠦ ᠪᠣᠯᠣᠨ᠎ᠠ᠃ ᠮᠠᠨᠵᠤᠤᠷ ᠤᠨ ᠰᠢᠨ ᠶᠦᠨ ᠭᠠᠳᠠᠭᠠᠳᠤ ᠠᠷᠠᠯᠵᠢᠶᠠᠨ ᠤ ᠲᠡᠭᠡᠭᠡᠪᠦᠷᠢ ᠶᠢᠨ ᠣᠷᠣᠯᠠᠨ ᠭᠦᠶᠴᠡᠳᠬᠡᠬᠦ ᠬᠢᠵᠠᠭᠠᠷᠲᠤ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠳᠠᠭᠠᠭᠠᠮᠠᠯ ᠸᠠᠩ ᠯᠢ ᠵᠢᠤᠸᠠᠨ ᠬᠡᠯᠡᠬᠦ ᠳᠤ ᠪᠠᠨ᠄ ︽ᠪᠣᠭᠤᠮᠲᠠ ᠶᠢᠨ ︿ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ﹀ ᠵᠠᠭᠪᠤᠷ ᠤᠨ ᠬᠡᠷᠡᠭᠵᠢᠭᠦᠯᠦᠯᠲᠡ ᠨᠢ ᠭᠤᠶᠤᠴᠢᠯᠠᠨ ᠮᠡᠳᠡᠭᠦᠯᠬᠦ ᠭᠠᠷᠳᠠᠮ ᠢ ᠳᠥᠭᠦᠮᠴᠢᠯᠡᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠠᠷᠪᠢᠯᠠᠵᠤ᠂ ᠪᠣᠭᠤᠮᠲᠠ ᠪᠠᠷ ᠥᠩᠭᠡᠷᠡᠬᠦ ᠪᠠ ᠪᠠᠷᠠᠭᠠᠨ ᠤ ᠭᠦᠶᠯᠭᠡᠭᠡᠨ ᠤ ᠡᠷᠭᠢᠯᠲᠡ ᠶᠢᠨ ᠬᠤᠷᠳᠤᠴᠠ ᠶᠢ ᠴᠥᠮ ᠪᠠᠭ᠎ᠠ ᠪᠤᠰᠤ ᠲᠦᠷᠭᠡᠳᠬᠡᠪᠡ︾ ᠭᠡᠪᠡ᠃      ︽ᠤᠤᠯ ᠤᠨ ᠪᠣᠭᠤᠮᠲᠠ ᠪᠠᠷ ᠥᠩᠭᠡᠷᠡᠬᠦ ᠵᠠᠭᠪᠤᠷ ᠳᠣᠤᠷ᠎ᠠ᠂ ᠠᠵᠤ ᠠᠬᠤᠶᠢᠯᠠᠯ ᠨᠢ ᠡᠳ᠋ ᠪᠠᠷᠠᠭ᠎ᠠ ᠭᠤᠶᠤᠴᠢᠯᠠᠨ ᠮᠡᠳᠡᠭᠦᠯᠬᠦ ᠭᠤᠭᠴᠤᠭ᠎ᠠ ᠳᠤ ᠨᠢᠭᠡ ᠯᠡ ᠤᠳᠠᠭ᠎ᠠ ᠳᠤ 105 ᠲᠥᠷᠥᠯ ᠵᠦᠶᠯ ᠤᠨ ᠭᠤᠶᠤᠴᠢᠯᠠᠨ ᠮᠡᠳᠡᠭᠦᠯᠦᠯᠲᠡ ᠶᠢᠨ ᠠᠵᠢᠯ ᠢ ᠪᠡᠶᠡᠯᠡᠭᠦᠯᠬᠦ ᠨᠢ ᠴᠠᠭ ᠪᠠᠴᠢᠮ᠂ ᠡᠭᠦᠷᠭᠡ ᠬᠦᠨᠳᠦ ᠪᠠᠶᠢᠳᠠᠭ᠃ ︿ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ﹀ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ᠂ ᠠᠵᠤ ᠠᠬᠤᠶᠢᠯᠠᠯ ᠨᠢ ᠪᠣᠭᠤᠮᠲᠠ ᠳᠤ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠵᠢᠴᠢ ᠭᠡᠷᠡᠴᠢ ᠪᠠᠷᠢᠮᠲᠠ ᠪᠠᠨ ᠨᠢᠭᠡ ᠯᠡ ᠤᠳᠠᠭ᠎ᠠ ᠳᠤ ᠪᠦᠬᠦᠨ ᠢ ᠲᠤᠰᠢᠶᠠᠬᠤ ᠴᠢᠬᠤᠯᠠ ᠥᠬᠡᠶ ᠪᠣᠯᠵᠤ᠂ ᠲᠣᠪᠴᠢ ᠮᠡᠳᠡᠭᠦᠯᠬᠦ ᠠᠯᠬᠤᠮ ᠢ ᠭᠦᠢᠴᠡᠳᠬᠡᠭᠰᠡᠨ ᠤ ᠳᠠᠷᠠᠭ᠎ᠠ᠂ ᠪᠣᠭᠤᠮᠲᠠ ᠶᠢᠨ ᠤᠯᠤᠰ ᠤᠨ ᠬᠠᠭᠠᠯᠭ᠎ᠠ ᠶᠢᠨ ᠠᠮᠤᠷ ᠲᠦᠪᠰᠢᠨ ᠣᠷᠣᠭᠤᠯᠬᠤ ᠶᠢ ᠵᠥᠪᠰᠢᠶᠡᠷᠡᠬᠦ ᠲᠦᠭᠰᠢᠭᠦᠷᠢ ᠶᠢᠨ ᠪᠠᠶᠢᠴᠠᠭᠠᠨ ᠰᠢᠯᠭᠠᠯᠲᠠ ᠳᠤ ᠬᠢᠷᠢ ᠲᠡᠩᠴᠡᠪᠡᠯ᠂ ᠪᠠᠷᠠᠭ᠎ᠠ ᠪᠠᠨ ᠳᠠᠷᠤᠶ ᠶᠠᠪᠤᠭᠤᠯᠵᠤ ᠪᠣᠯᠬᠤ ᠪᠣᠯᠣᠭᠰᠠᠨ ᠲᠤᠯᠠ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ︾ ᠭᠡᠵᠦ ᠮᠠᠨᠵᠤᠤᠷ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠭᠠᠵᠠᠷ ᠤᠨ ᠳᠡᠳ᠋ ᠳᠠᠷᠤᠭ᠎ᠠ ᠰᠢᠶᠦ᠋ᠩ ᠮᠢᠨ ᠲᠤᠤ ᠲᠠᠨᠢᠯᠴᠠᠭᠤᠯᠪᠠ᠃ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠨᠢ ᠤᠤᠯ ᠤᠨ ᠪᠣᠭᠤᠮᠲᠠ ᠳᠤ ᠮᠡᠳᠡᠭᠦᠯᠬᠦ ᠵᠠᠭᠪᠤᠷ ᠢ ︽ᠵᠠᠩᠭᠢᠯᠠᠭ᠎ᠠ ᠶᠢᠨ ᠴᠡᠭ ᠲᠤ ᠭᠤᠶᠤᠴᠢᠯᠠᠨ ᠮᠡᠳᠡᠭᠦᠯᠬᠦ︾ ᠪᠠᠶᠢᠭᠰᠠᠨ ᠠᠴᠠ ᠨᠢ ︽ᠶᠠᠪᠤᠴᠠ ᠳᠤ ᠪᠠᠨ ᠭᠤᠶᠤᠴᠢᠯᠠᠨ ᠮᠡᠳᠡᠭᠦᠯᠬᠦ︾ ᠪᠣᠯᠭᠠᠨ ᠬᠤᠪᠢᠷᠠᠭᠤᠯᠪᠠ᠃ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠠᠴᠠ ᠠᠪᠴᠤ ᠬᠡᠯᠡᠪᠡᠯ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠵᠦ᠂ ᠪᠣᠭᠤᠮᠲᠠ ᠪᠠᠷ ᠥᠩᠭᠡᠷᠡᠭᠦᠯᠬᠦ ᠬᠦᠴᠦᠨ ᠪᠦᠬᠦᠢ ᠬᠤᠭᠤᠴᠠᠭ᠎ᠠ ᠶᠢ ᠶᠡᠭᠡ ᠪᠠᠷ ᠲᠥᠷᠭᠡᠳᠬᠡᠪᠡ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠠᠪᠴᠤ ᠬᠡᠯᠡᠪᠡᠯ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠪᠡᠯᠡᠳᠭᠡᠬᠦ ᠴᠠᠭ ᠨᠠᠩ ᠭᠦᠶᠴᠡᠳ ᠪᠣᠯᠵᠣ᠂ ᠪᠣᠭᠤᠮᠲᠠ ᠳᠤ ᠪᠤᠷᠤᠭᠤ ᠮᠡᠳᠡᠭᠦᠯᠬᠦ ᠲᠣᠬᠢᠶᠠᠯᠳᠤᠮᠵᠢ ᠶᠢ ᠪᠦᠲᠦᠮᠵᠢᠲᠡᠶ ᠪᠠᠭᠤᠷᠠᠭᠤᠯᠵᠤ᠂ ᠭᠤᠶᠤᠴᠢᠯᠠᠨ ᠮᠡᠳᠡᠭᠦᠯᠬᠦ ᠶᠢ ᠳᠥᠭᠦᠮᠴᠢᠯᠡᠬᠦ ᠪᠠ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠲᠦᠷᠭᠡᠳᠬᠡᠭᠰᠡᠨ ᠮᠥᠷᠲᠡᠭᠡᠨ᠂ ᠠᠵᠤ ᠠᠬᠤᠶᠢᠯᠠᠯ ᠤᠨ ᠲᠡᠭᠡᠭᠡᠪᠦᠷᠢ ᠡᠵᠡᠩᠨᠡᠯᠲᠡ ᠶᠢᠨ ᠥᠪᠡᠷ ᠤᠨ ᠥᠷᠲᠡᠭ ᠢ ᠴᠦ ᠪᠦᠲᠦᠮᠵᠢᠲᠡᠶ ᠪᠠᠭᠤᠷᠠᠭᠤᠯᠪᠠ᠃      ᠣᠶᠢᠯᠠᠭᠠᠭᠰᠠᠨ ᠢᠶᠠᠷ᠂ ᠮᠠᠨᠵᠤᠤᠷ ᠪᠣᠭᠤᠮᠲᠠ ᠡᠨᠡ ᠵᠢᠯ ᠪᠣᠶ ᠪᠥᠬᠦᠶ ᠲᠣᠬᠢᠷᠠᠬᠤ ᠪᠣᠭᠤᠮᠲᠠ ᠳᠤ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠥᠭᠡᠷᠡᠴᠢᠯᠡᠯᠲᠡ ᠶᠢᠨ ᠠᠰᠢᠭ ᠲᠤᠰᠠ ᠶᠢ ᠪᠣᠭᠤᠮᠲᠠ ᠶᠢᠨ ᠣᠷᠣᠨ ᠤ ᠪᠣᠶ ᠪᠥᠬᠦᠶ ᠲᠣᠬᠢᠷᠠᠬᠤ ᠠᠵᠤ ᠠᠬᠤᠶᠢᠯᠠᠯ ᠳᠤ ᠬᠦᠷᠲᠡᠭᠡᠬᠦ ᠶᠢ ᠦᠨᠡᠨ ᠬᠦ ᠪᠠᠲᠤᠯᠠᠵᠤ᠂ ᠪᠣᠭᠤᠮᠲᠠ ᠪᠠᠷ ᠥᠩᠭᠡᠷᠡᠭᠦᠯᠬᠦ ᠳᠥᠭᠦᠮᠴᠢᠯᠡᠯᠲᠡ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠬᠦ ᠶᠢ ᠠᠬᠢᠭᠤᠯᠬᠤ ᠪᠠᠷ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ