ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ  ᠱᠢ ᠲᠠᠢ ᠹᠧᠩ ᠶᠠᠷᠢᠶ᠎ᠠ ᠲᠠᠯᠪᠢᠪᠠ  ᠸᠠᠩ ᠯᠢ ᠰᠢᠶᠠ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2021/10/11

      10 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠵᠤ᠂ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠬᠥᠬᠢᠭᠦᠯᠦᠨ ᠰᠠᠶᠢᠰᠢᠶᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠥᠪᠥᠷ ᠮᠣᠩᠭᠤᠯ ᠤᠨ ᠣᠨᠴᠠᠯᠢᠭ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠰᠠᠶᠢᠲᠤᠷ ᠵᠠᠮᠨᠠᠵᠤ᠂ ᠦᠨᠡᠨ ᠬᠦ ᠰᠢᠨ᠎ᠡ ᠶᠢ ᠡᠭᠦᠳᠬᠦ ᠪᠠᠷ ᠬᠡᠯᠪᠡᠷᠢ ᠪᠠᠨ ᠬᠤᠪᠢᠷᠠᠭᠤᠯᠬᠤ ᠵᠠᠮ ᠢ ᠨᠡᠪᠲᠡᠷᠡᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠪᠤᠶᠢᠵᠢᠭᠤᠯᠵᠤ᠂ ᠡᠬᠢᠯᠡᠯᠲᠡ ᠶᠢᠨ ᠴᠢᠳᠠᠪᠤᠷᠢ ᠪᠠᠨ ᠬᠤᠷᠢᠶᠠᠨ ᠬᠠᠳᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃

2-1.jpg

 

      10 ᠰᠠᠷ᠎ᠠ ᠶᠢᠨ 9 ᠤ ᠦᠳᠡ ᠶᠢᠨ ᠡᠮᠦᠨ᠎ᠡ᠂ ᠶᠡᠭᠡ ᠬᠤᠷᠠᠯ ᠳᠤ ᠤᠷᠤᠯᠴᠠᠭᠰᠠᠨ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠠᠴᠠ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠴᠢ ᠶᠢᠨ ᠲᠦᠯᠦᠭᠡᠯᠡᠭᠴᠢ ᠳᠤ ᠦᠨᠡᠮᠯᠡᠯ ᠭᠠᠷᠳᠠᠭᠤᠯᠵᠤ ᠪᠠᠶᠢᠭ᠎ᠠ ᠨᠢ᠃

      ᠲᠤᠰ ᠰᠤᠨᠢᠨ ᠤ ᠰᠤᠷᠪᠤᠯᠵᠢᠯᠠᠭᠴᠢ ᠮᠠ ᠵᠢᠶᠡᠨ ᠴᠢᠤᠸᠠᠨ ᠰᠡᠭᠦᠳᠡᠷᠯᠡᠪᠡ

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃

      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ︽2019 — 2020 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠬᠢᠬᠦᠯᠦᠨ ᠱᠠᠩᠨᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠤᠩᠰᠢᠨ ᠨᠡᠶᠢᠲᠡᠯᠡᠵᠦ᠂ ᠱᠢ ᠲᠠᠢ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠶ ᠬᠤᠪᠢ ᠨᠡᠮᠡᠷᠢ ᠦᠵᠡᠬᠦᠯᠦᠭᠰᠡᠨ ᠱᠠᠩᠨᠠᠯ ᠬᠦᠷᠲᠡᠭᠴᠢ ᠰᠦᠨ ᠵᠢᠶᠦ᠋ᠨ ᠮᠢᠨ᠂ ᠭᠦᠸᠧ ᠶᠢᠨ ᠯᠦᠩ ᠳᠤ ᠱᠠᠩᠨᠠᠯ ᠭᠠᠷᠳᠠᠭᠤᠯᠵᠤ᠂ ᠲᠡᠷᠢᠭᠦᠯᠡᠭᠴᠢᠳ ᠤᠨ ᠲᠠᠶᠢᠰᠠᠨ ᠳᠤ ᠰᠠᠭᠤᠭᠰᠠᠨ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠢᠳᠡᠷ ᠵᠠᠯᠠᠭᠤᠴᠤᠳ ᠤᠨ ᠱᠠᠩᠨᠠᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠳᠡᠰ ᠤᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ ᠬᠦᠷᠲᠡᠭᠴᠢ ᠶᠢᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃

      ᠱᠢ ᠲᠠᠢ ᠹᠧᠩ ᠶᠠᠷᠢᠶᠠᠨ ᠳᠠᠭᠠᠨ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠱᠠᠩᠨᠠᠯ ᠭᠥᠷᠳᠡᠭᠰᠡᠨ ᠪᠥᠬᠦ ᠬᠥᠮᠦᠰ ᠲᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠪᠥᠬᠦ ᠣᠷᠣᠨ ᠤ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠲᠡᠷᠡ᠂ ᠥᠪᠥᠷ ᠮᠣᠩᠭᠤᠯ ᠥᠨᠥᠳᠦᠷ ᠪᠣᠯᠲᠠᠯ᠎ᠠ ᠬᠥᠭᠵᠢᠭᠡᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠥᠩᠭᠡᠷᠡᠭᠰᠡᠨ ᠤ ᠠᠯᠢ ᠴᠤ ᠦᠶ᠎ᠡ ᠠᠴᠠ ᠨᠡᠩ ᠴᠢᠩᠭ᠎ᠠ ᠲᠤᠯᠭᠠᠮ ᠪᠣᠯᠵᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠲᠦᠷᠭᠡᠳᠬᠡᠨ ᠳᠡᠭᠡᠭᠰᠢᠯᠡᠭᠦᠯᠬᠦ ᠪᠣᠯ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠴᠢᠬᠤᠯᠠ ᠡᠭᠦᠷᠭᠡ ᠬᠠᠷᠢᠭᠤᠴᠠᠯᠭ᠎ᠠ ᠪᠣᠯᠤᠨ᠎ᠠ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠬᠠᠷᠢᠭᠤᠴᠠᠯᠭ᠎ᠠ᠂ ᠡᠬᠦᠷᠬᠡᠯᠡᠯ ᠪᠣᠯᠤᠨ᠎ᠠ᠃ ᠪᠢᠳᠡ ᠪᠠᠶᠢᠳᠠᠯ ᠢ ᠲᠣᠳᠣᠷᠬᠠᠶ ᠲᠠᠨᠢᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠪᠣᠳᠣᠯ ᠢᠶᠠᠨ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠮᠤᠭ ᠤᠨ ᠲᠤᠯᠭᠠᠮ ᠡᠭᠦᠷᠭᠡ ᠪᠣᠯᠭᠠᠨ ᠴᠢᠩᠭ᠎ᠠ ᠠᠳᠬᠤᠵᠤ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠡᠷᠡᠯᠬᠡᠭᠯᠡᠨ ᠲᠡᠮᠡᠴᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠨᠡᠨ ᠬᠦ ᠰᠠᠶᠢᠲᠤᠷ ᠬᠢᠵᠦ᠂ ᠡᠨᠡ ᠬᠦ ᠬᠥᠳᠡᠯᠭᠡᠬᠦ ᠬᠦᠴᠦᠨ ᠢ ᠬᠦᠴᠦᠷᠬᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

      ᠱᠢ ᠲᠠᠢ ᠹᠧᠩ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ ᠲᠣᠪᠤᠶᠢᠮ᠎ᠠ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠪᠲᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠤᠤᠰᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠦᠢᠯᠡᠰ ᠢ ᠳᠡᠭᠡᠳᠦ ᠲᠠᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠬᠡᠶᠢᠵᠢᠬᠦᠯᠬᠦ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠤᠷᠤᠰᠬᠠᠯ ᠳᠤᠮᠳᠠ ᠭᠤᠤᠯ ᠬᠦᠴᠦᠨ ᠪᠣᠯᠵᠣ᠂ ᠭᠤᠤᠯ ᠳᠦᠷᠢ ᠶᠢ ᠲᠣᠭᠯᠠᠬᠤ ᠶᠢ ᠬᠥᠲᠥᠯᠥᠨ ᠵᠢᠯᠣᠭᠤᠳᠬᠤ ᠪᠠ ᠳᠡᠮᠵᠢᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠡᠭᠦᠷᠭᠡᠯᠡᠬᠦ ᠶᠢ ᠵᠤᠷᠢᠬᠵᠢᠭᠤᠯᠵᠤ᠂ ᠠᠵᠤ ᠦᠢᠯᠡᠰ ᠤᠨ ᠬᠡᠯᠬᠢᠶᠡᠨ ᠤ ᠡᠬᠢᠨ ᠤ᠂ ᠲᠤᠮᠳᠠ ᠪᠠ ᠡᠴᠦᠰ ᠤᠨ ᠬᠡᠯᠬᠢᠶ᠎ᠡ᠂ ᠲᠣᠮᠣ ᠳᠤᠮᠳᠠ ᠪᠠᠭ᠎ᠠ ᠠᠵᠤ ᠠᠬᠤᠶᠢᠯᠠᠯ ᠤᠨ ᠨᠡᠪᠳᠡᠷᠡᠯᠴᠡᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠠᠬᠤᠶᠢᠯᠠᠯ ᠤᠨ ᠬᠥᠭᠵᠢᠯᠲᠡ ᠳᠤ ᠨᠠᠩ ᠰᠠᠶᠢᠳᠤᠷ ᠬᠦᠴᠦᠨ ᠨᠡᠮᠡᠷᠢᠯᠡᠬᠦ ᠬᠡᠷᠡᠭᠲᠡᠶ᠃ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠪᠦᠬᠦᠯᠢ ᠴᠣᠭᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠬᠤᠯᠪᠣᠭᠳᠠᠯ ᠪᠥᠬᠦᠶ ᠲᠠᠯ᠎ᠠ ᠯᠤᠭ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠠᠩ ᠣᠯᠠᠨ ᠴᠢᠨᠠᠷ ᠰᠠᠶᠢᠲᠠᠶ ᠰᠢᠨ᠎ᠡ ᠶᠢ ᠡᠭᠦᠳᠬᠦ ᠡᠯᠧᠮᠧᠨ᠋ᠲ ᠪᠣᠯᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠴᠢᠷᠮᠠᠶᠢᠨ ᠪᠤᠶᠢᠵᠢᠭᠤᠯᠤᠨ ᠲᠦᠪᠯᠡᠷᠡᠬᠦᠯᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠳᠤ ᠭᠦᠨᠵᠡᠭᠡᠶ ᠣᠷᠣᠯᠴᠠᠬᠤ ᠶᠢ ᠳᠡᠮᠵᠢᠬᠦ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠡᠯᠡᠬᠦ ᠲᠦᠷᠢᠮ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠵᠡᠷᠭᠡ ᠰᠠᠭᠤᠷᠢ ᠥᠭᠡᠷᠡᠴᠢᠯᠡᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠶᠠᠰᠤ ᠴᠢᠨᠠᠷ᠂ ᠠᠮᠵᠢᠯᠲᠠ ᠪᠦᠲᠦᠮᠵᠢ᠂ ᠬᠤᠪᠢ ᠨᠡᠮᠡᠷᠢ ᠪᠠᠷ ᠭᠤᠣᠯ ᠪᠣᠯᠭᠠᠭᠰᠠᠨ ᠦᠨᠡᠯᠡᠬᠦ ᠤᠳᠤᠷᠢᠳᠤᠮᠵᠢ ᠶᠢ ᠢᠯᠠ ᠲᠣᠳᠣ ᠪᠤᠢ ᠪᠣᠯᠭᠠᠵᠤ᠂ ᠮᠡᠳᠡᠯᠭᠡ᠂ ᠮᠡᠷᠭᠡᠵᠢᠯ ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ ᠦᠷᠳᠡᠭ ᠢ ᠭᠦᠢᠴᠡᠳ ᠢᠯᠡᠷᠡᠭᠦᠯᠦᠭᠰᠡᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠷᠨᠢᠭᠦᠨ ᠬᠥᠭᠵᠢᠩᠭᠦᠢ ᠰᠢᠨ᠎ᠡ ᠶᠢ ᠡᠭᠦᠳᠬᠦ ᠠᠮᠢ ᠠᠬᠤᠢ ᠶᠢ ᠴᠢᠷᠮᠠᠶᠢᠨ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠱᠢ ᠲᠠᠢ ᠹᠧᠩ᠂ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠢᠮᠠᠭᠲᠠ ︽ᠤᠯᠤᠰ ᠤᠨ ᠶᠡᠭᠡ ᠶᠠᠪᠤᠳᠠᠯ︾ ᠢ ᠰᠡᠳᠬᠢᠯ ᠵᠢᠷᠦᠬᠡᠨ ᠳᠡᠭᠡᠨ ᠪᠤᠳᠤᠵᠤ᠂ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠳ ᠤᠨ ᠬᠡᠬᠦᠳᠡᠭ ᠴᠡᠭᠡᠵᠢᠨ ᠳᠡᠭᠡᠨ ᠡᠬᠡ ᠤᠯᠤᠰ ᠢᠶᠠᠨ ᠰᠠᠨᠠᠵᠦ᠂ ᠠᠷᠠᠳ ᠲᠦᠮᠡᠨ ᠳᠤ ᠦᠢᠯᠡᠴᠢᠯᠡᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠢᠭᠡ ᠰᠡᠳᠬᠢᠯ ᠢᠶᠠᠷ ᠰᠢᠮᠳᠠᠨ ᠰᠤᠳᠤᠯᠵᠤ᠂ ᠨᠠᠷᠢᠨ ᠬᠢᠨᠠᠮᠠᠭᠠᠶ ᠪᠠᠷ ᠡᠷᠳᠡᠮ ᠰᠢᠨᠵᠢᠯᠡᠭᠡᠨ ᠬᠢᠵᠦ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠡᠭᠦᠳᠴᠦ᠂ ᠥᠭᠦᠯᠡᠯ ᠢᠶᠠᠨ ᠪᠤᠲᠠᠲᠠᠢ ᠲᠠᠢ ᠤᠶᠠᠯᠳᠤᠭᠤᠯᠤᠨ ᠪᠢᠴᠢᠵᠦ᠂ ᠦᠨᠡᠨ ᠬᠦ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠳᠠᠭᠠᠭᠤᠯᠤᠭᠴᠢ︾ ᠪᠣᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠴᠢᠳᠠᠪᠤᠷᠢᠲᠠᠨ ᠢ ᠪᠥᠬᠦ ᠲᠠᠯ᠎ᠠ ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠵᠦ᠂ ᠡᠯ᠎ᠡ ᠲᠥᠷᠥᠯ ᠤᠨ ᠴᠢᠳᠠᠪᠤᠷᠢᠲᠠᠨ ᠢᠯᠠᠩᠭᠤᠶ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠤᠯᠤᠰ ᠲᠥᠷᠥ ᠶᠢᠨ ᠲᠠᠯ᠎ᠠ ᠪᠠᠷ ᠬᠠᠯᠠᠮᠵᠢᠯᠠᠵᠤ᠂ ᠠᠵᠢᠯ ᠤᠨ ᠲᠠᠯ᠎ᠠ ᠪᠠᠷ ᠳᠡᠮᠵᠢᠵᠦ᠂ ᠠᠮᠢᠳᠤᠷᠠᠯ ᠤᠨ ᠲᠠᠯ᠎ᠠ ᠪᠠᠷ ᠬᠠᠯᠠᠮᠵᠢᠯᠠᠵᠤ᠂ ᠴᠢᠳᠠᠪᠤᠷᠢᠲᠠᠨ ᠢ ᠲᠠᠨᠢᠬᠤ ᠴᠢᠳᠠᠪᠤᠷᠢᠲᠠᠨ ᠢ ᠬᠠᠶᠢᠷᠠᠯᠠᠬᠤ ᠴᠢᠳᠠᠪᠤᠷᠢᠲᠠᠨ ᠢ ᠬᠦᠨᠳᠦᠳᠬᠡᠬᠦ ᠴᠢᠳᠠᠪᠤᠷᠢᠲᠠᠨ ᠢ ᠬᠡᠷᠡᠭᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃

      ᠸᠠᠩ ᠯᠢ ᠰᠢᠶᠠ ᠬᠤᠷᠠᠯ ᠢ ᠡᠷᠬᠢᠯᠡᠬᠦ ᠳᠡᠭᠡᠨ᠂ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠤ ᠪᠠᠶᠢᠭ᠎ᠠ ᠲᠦᠭᠵᠢᠷᠡᠯ᠂ ᠡᠪᠡᠷᠰᠢᠶᠡᠯ᠂ ᠬᠦᠴᠢᠷᠳᠡᠯ᠂ ᠬᠠᠯᠠᠮᠰᠢᠯ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠠᠶᠠᠨ ᠳᠠᠭᠠᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠨᠡᠩ ᠭᠦᠢᠴᠡᠳ ᠰᠢᠨᠵᠢᠯᠡᠬᠦ ᠤᠬᠠᠭᠠᠨ ᠤ ᠰᠤᠳᠤᠯᠭᠠᠨ ᠤ ᠪᠠᠲᠤᠯᠠᠭ᠎ᠠ᠂ ᠨᠡᠩ ᠭᠦᠢᠴᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠳᠡᠯᠭᠡᠬᠦ ᠬᠦᠴᠦᠨ᠂ ᠨᠡᠩ ᠭᠦᠢᠴᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠦᠵᠡᠬᠦᠯᠦᠭᠰᠡᠨ ᠱᠠᠩᠨᠠᠯ ᠬᠦᠷᠳᠡᠭᠴᠢ ᠰᠦᠨ ᠵᠢᠶᠦ᠋ᠨ ᠮᠢᠨ ᠦᠭᠡ ᠬᠡᠯᠡᠵᠡᠢ᠃

      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ