ᠸᠠᠩ ᠯᠢ ᠰᠢᠶᠠ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠪᠣᠯᠤᠨ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠵᠠᠬ᠎ᠠ ᠳᠡᠯᠭᠡᠭᠦᠷ ᠤᠨ ᠬᠡᠷᠡᠭᠴᠡᠭᠡ ᠪᠤᠯᠤᠨ ᠠᠵᠤ ᠦᠢᠯᠡᠰ ᠤᠨ ᠬᠥᠭᠵᠢᠯᠲᠡ ᠪᠠᠷ ᠤᠳᠤᠷᠢᠳᠤᠮᠵᠢ ᠪᠣᠯᠭᠠᠵᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠪᠠᠲᠤᠯᠠᠨ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/10/11

      10 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠵᠠᠬ᠎ᠠ ᠳᠡᠯᠭᠡᠭᠦᠷ ᠤᠨ ᠬᠡᠷᠡᠭᠴᠡᠭᠡ ᠪᠣᠯᠤᠨ ᠠᠵᠤ ᠦᠢᠯᠡᠰ ᠤᠨ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠪᠠᠲᠤᠯᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃


1011王莉霞在纤维质量监测中心和计量测试研究院调研时强调.jpg


1011王莉霞在纤维质量监测中心和计量测试研究院调研时强调2.jpg


1011王莉霞在纤维质量监测中心和计量测试研究院调研时强调3.jpg


      ᠥᠪᠥᠷ ᠮᠣᠩᠭᠤᠯ ᠤᠨ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠪᠣᠯ ᠣᠳᠣᠬᠠᠨ ᠤ ᠤᠯᠤᠰ ᠤᠨ ᠳᠣᠲᠣᠭᠠᠳᠤ ᠶᠢᠨ ᠨᠣᠣᠰᠣ ᠨᠣᠤᠯᠤᠭᠤᠷ ᠤᠨ ᠰᠢᠷᠬᠡᠭ ᠢ ᠪᠠᠶᠢᠴᠠᠭᠠᠨ ᠬᠡᠮᠵᠢᠬᠦ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠬᠠᠮᠤᠭ ᠤᠨ ᠥᠨᠳᠥᠷ᠂ ᠪᠠᠶᠢᠴᠠᠭᠠᠨ ᠰᠢᠯᠭᠠᠬᠤ ᠴᠢᠳᠠᠪᠤᠷᠢ ᠪᠠᠷ ᠬᠠᠮᠤᠭ ᠤᠨ ᠴᠢᠩᠭ᠎ᠠ ᠲᠤᠷᠰᠢᠯᠲᠠ ᠶᠢᠨ ᠪᠠᠶᠢᠭᠤᠯᠤᠮᠵᠢ ᠪᠣᠯᠬᠤ ᠪᠥᠭᠡᠳ ᠮᠥᠨ ᠴᠦ ᠮᠠᠨ ᠤ ᠣᠷᠣᠨ ᠤ ᠨᠣᠣᠰᠣ ᠨᠣᠤᠯᠤᠭᠤᠷ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠲᠠᠪᠴᠠᠩ ᠪᠣᠯᠤᠨ᠎ᠠ᠃ ᠸᠠᠩ ᠯᠢ ᠰᠢᠶᠠ ᠨᠠᠷ ᠤᠷᠢᠳ ᠬᠤᠵᠢᠳ ᠰᠢᠷᠬᠡᠭᠯᠢᠭ ᠢ ᠰᠢᠯᠭᠠᠨ ᠪᠠᠶᠢᠴᠠᠭᠠᠬᠤ ᠰᠣᠶᠣᠯ ᠤᠨ ᠪᠡᠶᠡᠳᠠᠨ ᠣᠶᠢᠯᠠᠭᠠᠬᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠡᠶᠡᠳᠠᠨ ᠣᠶᠢᠯᠠᠭᠠᠬᠤ ᠲᠢᠩᠬᠢᠮ᠂ ᠲᠤᠬᠠᠶᠢᠯᠠᠭᠰᠠᠨ ᠠᠵᠢᠯ ᠤᠨ ᠭᠥᠯᠢᠶᠡᠨ ᠠᠪᠬᠤ ᠲᠢᠩᠬᠢᠮ ᠵᠢᠴᠢ ᠬᠤᠨᠢᠨ ᠨᠣᠣᠰᠣ ᠢᠮᠠᠭᠠᠨ ᠨᠣᠤᠯᠤᠭᠤᠷ᠂ ᠰᠢᠷᠬᠡᠭᠯᠢᠭ ᠨᠡᠬᠡᠮᠡᠯ ᠤᠨ ᠦᠢᠯᠡᠳᠬᠦᠨ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠤᠷᠰᠢᠯᠲᠠ ᠶᠢᠨ ᠲᠠᠰᠤᠭ ᠢ ᠲᠣᠭᠤᠷᠢᠨ ᠦᠵᠡᠵᠦ᠂ ᠰᠢᠷᠬᠡᠭᠯᠢᠭ ᠢ ᠰᠢᠯᠭᠠᠨ ᠪᠠᠶᠢᠴᠠᠭᠠᠬᠤ ᠪᠠᠷᠢᠮᠵᠢᠶ᠎ᠠ᠂ ᠲᠥᠷᠥᠯ ᠵᠦᠢᠯ ᠪᠠ ᠮᠡᠷᠭᠡᠵᠢᠯ ᠤᠨ ᠠᠷᠭ᠎ᠠ ᠵᠠᠮ ᠢ ᠨᠠᠷᠢᠨ ᠣᠶᠢᠯᠠᠭᠠᠵᠤ᠂ ᠢᠮᠠᠭᠠᠨ ᠨᠣᠤᠯᠤᠭᠤᠷ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠶᠠᠪᠤᠴᠠ ᠶᠢ ᠨᠠᠷᠢᠨ ᠠᠰᠠᠭᠤᠵᠤ᠂ ᠨᠣᠣᠰᠣ ᠨᠣᠤᠯᠤᠭᠤᠷ ᠤᠨ ᠶᠠᠰᠤ ᠴᠢᠨᠠᠷ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠦᠵᠡᠭᠦᠯᠭᠡ ᠶᠢ ᠲᠤᠬᠠᠶ ᠶᠢᠨ ᠲᠠᠯᠠᠪᠠᠶ ᠳᠤ ᠰᠣᠨᠢᠷᠬᠠᠭᠰᠠᠨ ᠪᠥᠭᠡᠳ ᠮᠡᠷᠭᠡᠵᠢᠯ ᠤᠨ ᠠᠵᠢᠯᠲᠠᠳ ᠲᠠᠢ ᠪᠠᠶᠢᠨ ᠪᠠᠶᠢᠨ ᠶᠠᠷᠢᠯᠴᠠᠨ ᠰᠠᠨᠠᠯ ᠪᠤᠳᠤᠯ ᠢᠶᠠᠨ ᠰᠣᠯᠢᠯᠴᠠᠪᠠ᠃ ᠲᠡᠷᠡ ᠶᠠᠰᠤ ᠴᠢᠨᠠᠷ ᠢ ᠬᠢᠨᠠᠨ ᠬᠡᠮᠵᠢᠬᠦ ᠲᠥᠪ ᠤᠨ ᠬᠢᠨ ᠨᠣᠣᠰᠣ ᠨᠣᠤᠯᠤᠭᠤᠷ ᠤᠨ ᠦᠢᠯᠡᠳᠬᠦᠨ ᠤ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠮᠡᠷᠭᠡᠵᠢᠯ ᠤᠨ ᠪᠠᠷᠢᠮᠵᠢᠶ᠎ᠠ ᠪᠠ ᠠᠷᠭ᠎ᠠ ᠬᠡᠮᠵᠢᠶ᠎ᠡ ᠪᠠᠨ ᠴᠢᠨᠠᠭᠰᠢᠳᠠ ᠲᠡᠭᠦᠯᠳᠡᠷᠵᠢᠭᠦᠯᠵᠦ᠂ ᠡᠷᠬᠡ ᠰᠦᠷᠲᠦ᠂ ᠰᠢᠭᠤᠳ᠂ ᠣᠨᠣᠪᠴᠢᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠤᠭ᠎ᠠ ᠪᠠᠷᠢᠮᠲᠠ ᠪᠠᠷ ᠥᠪᠥᠷ ᠮᠣᠩᠭᠤᠯ ᠤᠨ ᠨᠣᠣᠰᠣ ᠨᠣᠤᠯᠤᠭᠤᠷ ᠤᠨ ᠦᠢᠯᠡᠳᠬᠦᠨ ᠤ ᠰᠢᠯᠢᠳᠡᠭ ᠶᠠᠰᠤ ᠴᠢᠨᠠᠷ ᠢ ᠭᠦᠢᠴᠡᠳ ᠢᠯᠡᠷᠡᠭᠦᠯᠵᠦ᠂ ᠮᠠᠨ ᠤ ᠣᠷᠣᠨ ᠤ ᠨᠣᠣᠰᠣ ᠨᠣᠤᠯᠤᠭᠤᠷ ᠤᠨ ᠦᠢᠯᠡᠳᠬᠦᠨ ᠤ ᠲᠦᠷᠦᠯ ᠲᠡᠮᠳᠡᠭ ᠤᠨ ᠨᠡᠷ᠎ᠡ ᠠᠯᠳᠠᠷᠰᠢᠯ ᠪᠠ ᠠᠵᠤ ᠦᠢᠯᠡᠰ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠬᠤᠪᠢ ᠨᠡᠮᠡᠷᠢ ᠦᠵᠡᠭᠦᠯᠬᠦ ᠶᠢ ᠬᠦᠰᠡᠪᠡ᠃


1011王莉霞在纤维质量监测中心和计量测试研究院调研时强调4.jpg


      ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠳᠤ᠂ ᠸᠠᠩ ᠯᠢ ᠰᠢᠶᠠ ᠮᠠᠨ ᠤ ᠣᠷᠣᠨ ᠤ ᠬᠡᠮᠵᠢᠨ ᠰᠢᠯᠭᠠᠬᠤ ᠦᠢᠯᠡᠰ ᠤᠨ ᠬᠥᠭᠵᠢᠯᠲᠡ ᠶᠢᠨ ᠶᠠᠪᠤᠴᠠ ᠶᠢ ᠨᠠᠷᠢᠨ ᠣᠶᠢᠯᠠᠭᠠᠵᠤ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ ᠠᠵᠢᠯᠯᠠᠭᠠᠨ ᠤ ᠦᠵᠡᠭᠦᠯᠭᠡ ᠶᠢ ᠲᠤᠬᠠᠶ ᠶᠢᠨ ᠲᠠᠯᠠᠪᠠᠶ ᠳᠤ ᠦᠵᠡᠵᠦ᠂ ᠬᠡᠮᠵᠢᠨ ᠰᠢᠯᠭᠠᠬᠤ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ ᠢ ᠨᠠᠷᠢᠨ ᠠᠰᠠᠭᠤᠭᠰᠠᠨ ᠪᠥᠭᠡᠳ ᠲᠤᠷᠰᠢᠯᠲᠠ ᠶᠢᠨ ᠲᠠᠰᠤᠭ ᠲᠤ ᠬᠦᠷᠴᠦ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠭᠦᠨᠵᠡᠭᠡᠶ ᠶᠠᠷᠢᠯᠴᠠᠨ ᠰᠣᠯᠢᠯᠴᠠᠪᠠ᠃ ᠲᠡᠷᠡ᠂ ᠬᠡᠮᠵᠢᠨ ᠰᠢᠯᠭᠠᠬᠤ ᠠᠵᠢᠯ ᠪᠣᠯ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠰᠠᠭᠤᠷᠢ ᠴᠢᠨᠠᠷᠲᠡᠢ ᠠᠵᠢᠯ ᠮᠥᠨ᠂ ᠡᠯ᠎ᠡ ᠱᠠᠲᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠢᠳᠡᠪᠬᠢᠲᠡᠶ ᠵᠢᠳᠬᠦᠯ ᠴᠢᠷᠮᠠᠶᠢᠯᠭ᠎ᠠ ᠭᠠᠷᠭᠠᠵᠤ᠂ ᠡᠨᠧᠷᠭᠢ ᠶᠢᠨ ᠬᠤᠷᠣᠭᠳᠠᠯ ᠤᠨ

︽ᠬᠤᠤᠰ ᠡᠵᠡᠮᠳᠡᠯ︾᠂ ᠠᠶᠤᠯᠬᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠤᠯᠳᠠᠯᠭ᠎ᠠ ᠲᠠᠢ ᠬᠦᠷᠢᠶ᠎ᠠ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠮᠵᠢᠨ ᠰᠢᠯᠭᠠᠵᠤ ᠲᠣᠭᠲᠠᠭᠠᠬᠤ ᠪᠠ ᠲᠥᠪ ᠭᠤᠤᠯᠴᠢ ᠪᠠᠷ ᠬᠡᠮᠵᠢᠨ ᠰᠢᠯᠭᠠᠬᠤ ᠴᠢᠳᠠᠪᠤᠷᠢ ᠪᠠᠨ ᠴᠢᠨᠠᠭᠰᠢᠳᠠ ᠴᠢᠩᠭᠠᠳᠬᠠᠵᠤ᠂ ᠮᠠᠨ ᠤ ᠣᠷᠣᠨ ᠤ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠳᠤ ᠬᠦᠴᠦᠲᠡᠶ ᠪᠠᠷᠢᠮᠵᠢᠶ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
      ᠸᠠᠩ ᠯᠢ ᠰᠢᠶᠠ᠂ ᠶᠠᠰᠤ ᠴᠢᠨᠠᠷ ᠪᠣᠯ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠴᠢᠬᠤᠯᠠ ᠪᠠᠲᠤᠯᠠᠭ᠎ᠠ ᠮᠥᠨ᠂ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠣᠰᠣᠭᠠᠷ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠦ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠬᠠᠷᠠᠯᠲᠠ ᠶᠢ ᠲᠣᠭᠲᠠᠭᠠᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ