ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠭᠠᠷᠳᠠᠭᠰᠠᠨ ᠲᠥᠯᠥᠭᠡᠯᠡᠭᠴᠢᠳ ᠰᠤᠷᠪᠤᠯᠵᠢᠯᠠᠭᠴᠢᠳ ᠲᠤ ᠬᠦᠰᠡᠯ ᠪᠠᠨ ᠪᠡᠶᠡᠯᠡᠭᠦᠯᠬᠦ ᠪᠠᠷ ᠲᠡᠮᠡᠦᠯᠦᠭᠰᠡᠨ ᠦᠯᠢᠭᠡᠷ ᠢᠶᠠᠨ ᠬᠤᠪᠢᠶᠠᠯᠴᠠᠪᠠ
ᠨᠡᠶᠢᠲᠡᠯᠡᠭᠰᠡᠨ ᠴᠠᠭ᠄
2021/10/11

      10 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠨ ᠬᠥᠬᠢᠭᠦᠯᠬᠦ ᠶᠡᠭᠡ ᠬᠤᠷᠠᠯ ᠤᠨ ᠱᠠᠩᠨᠠᠯ ᠭᠠᠷᠳᠠᠭᠰᠠᠨ ᠲᠥᠯᠥᠭᠡᠯᠡᠭᠴᠢᠳ ᠤᠨ ᠰᠤᠷᠪᠤᠯᠵᠢᠯᠠᠭᠴᠢᠳ ᠲᠠᠢ ᠠᠭᠤᠯᠵᠠᠬᠤ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ ᠬᠦᠷᠲᠡᠭᠴᠢ ᠰᠦᠨ ᠵᠢᠶᠦ᠋ᠨ ᠮᠢᠨ᠂ ᠭᠦᠸᠧ ᠶᠢᠨ ᠯᠦᠩ᠂ ᠥᠪᠡᠷᠲᠡᠭᠡᠨ ᠵᠠᠰᠠᠬᠤ ᠣᠷᠣᠨ ᠤ ᠢᠳᠡᠷ ᠵᠠᠯᠠᠭᠤ ᠨᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ ᠬᠦᠷᠳᠡᠭᠴᠢ ᠬᠠᠨ ᠵᠢᠶᠠ ᠲᠦᠩ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠨᠢᠭᠡᠳᠦᠭᠡᠷ ᠳᠡᠰ ᠤᠨ ᠱᠠᠩᠨᠠᠯ ᠭᠠᠷᠳᠠᠭᠴᠢᠳ ᠤᠨ ᠨᠢᠭᠡᠳᠦᠭᠡᠷ ᠪᠡᠶᠡᠯᠡᠭᠦᠯᠦᠭᠴᠢ ᠯᠢᠦ ᠶᠦᠩ ᠪᠢᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠳᠡᠰ ᠤᠨ ᠱᠠᠩᠨᠠᠯ ᠬᠦᠷᠳᠡᠭᠴᠢ ᠶᠢᠨ ᠨᠢᠭᠡᠳᠦᠭᠡᠷ ᠪᠡᠶᠡᠯᠡᠭᠦᠯᠦᠭᠴᠢ ᠸᠠᠩ ᠴᠧᠩ ᠵᠢᠶᠧ ᠵᠡᠷᠭᠡ 5 ᠱᠠᠩᠨᠠᠯ ᠭᠠᠷᠳᠠᠭᠴᠢᠳ ᠤᠨ ᠲᠥᠯᠥᠭᠡᠯᠡᠭᠴᠢᠳ ᠢ ᠤᠷᠢᠵᠤ ᠰᠤᠷᠪᠤᠯᠵᠢᠯᠠᠭᠴᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ᠂ ᠬᠦᠰᠡᠯ ᠪᠠᠨ ᠪᠡᠶᠡᠯᠡᠭᠦᠯᠬᠦ ᠪᠠᠷ ᠲᠡᠮᠡᠦᠯᠦᠭᠰᠡᠨ ᠦᠯᠢᠭᠡᠷ᠂ ᠲᠡᠮᠡᠴᠡᠯ ᠤᠨ ᠣᠯᠣᠯᠲᠠ ᠲᠥᠷᠥᠭᠳᠡᠯ ᠢ ᠨᠢ ᠬᠤᠪᠢᠶᠠᠯᠴᠠᠭᠤᠯᠪᠠ᠃

      ᠠᠭᠤᠯᠵᠠᠯᠲᠠ ᠶᠢᠨ ᠲᠠᠯᠠᠪᠤᠷ ᠲᠤ᠂ ᠱᠠᠩᠨᠠᠯ ᠭᠠᠷᠳᠠᠭᠰᠠᠨ ᠲᠥᠯᠥᠭᠡᠯᠡᠭᠴᠢᠳ ᠲᠣᠰ ᠲᠣᠰ ᠤᠨ ᠰᠤᠳᠤᠯᠭᠠᠨ ᠤ ᠬᠦᠷᠢᠶᠡᠨ ᠳᠤ ᠰᠣᠷᠪᠣᠯᠵᠢᠯᠠᠭᠴᠢᠳ ᠲᠠᠢ ᠶᠠᠷᠢᠯᠴᠠᠵᠤ᠂ ᠰᠣᠷᠪᠣᠯᠵᠢᠯᠠᠭᠴᠢᠳ ᠤᠨ ᠳᠤᠷᠠᠳᠤᠭᠰᠠᠨ ᠠᠰᠠᠭᠤᠯᠲᠠ ᠶᠢ ᠠᠮᠢᠳᠤᠯᠢᠭ ᠮᠥᠷᠲᠡᠭᠡᠨ ᠦᠨᠡᠨ ᠢᠶᠠᠷ ᠬᠠᠷᠢᠭᠤᠯᠪᠠ᠃ ᠶᠠᠷᠢᠯᠴᠠᠭᠠᠨ ᠳᠤ᠂ ᠱᠠᠩᠨᠠᠯ ᠭᠠᠷᠳᠠᠭᠰᠠᠨ 5 ᠲᠥᠯᠥᠭᠡᠯᠡᠭᠴᠢᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠮᠵᠢᠯᠲᠠ ᠣᠯᠣᠭᠰᠠᠨ ᠨᠢ ᠨᠠᠮ ᠤᠨ ᠤᠳᠤᠷᠢᠳᠤᠯᠭ᠎ᠠ᠂ ᠵᠠᠰᠠᠭ ᠤᠨ ᠣᠷᠳᠣᠨ ᠤ ᠳᠡᠮᠵᠢᠯᠭᠡ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠰᠠᠶᠢᠨ ᠰᠠᠶᠢᠬᠠᠨ ᠣᠷᠴᠢᠨ ᠠᠴᠠ ᠰᠠᠯᠵᠤ ᠴᠢᠳᠠᠬᠤ ᠥᠬᠡᠶ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃ ᠱᠠᠩᠨᠠᠯ ᠭᠠᠷᠳᠠᠬᠤ ᠪᠣᠯ ᠨᠢᠭᠡ ᠵᠦᠢᠯ ᠤᠨ ᠵᠣᠷᠢᠭᠵᠢᠭᠤᠯᠤᠯ ᠮᠥᠨ᠂ ᠬᠤᠶᠢᠰᠢᠳᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠳᠤ ᠪᠠᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠦᠴᠢᠷ ᠠᠴᠠ ᠠᠶᠤᠬᠤ ᠦᠭᠡᠢ ᠡᠷᠡᠯᠬᠡᠭᠯᠡᠨ ᠲᠡᠮᠡᠴᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠡᠢ᠃

      ᠣᠶᠢᠯᠠᠭᠠᠭᠰᠠᠨ ᠢᠶᠠᠷ᠂ ᠲᠣᠰ ᠤᠳᠠᠭᠠᠨ ᠤ ᠱᠠᠩᠨᠠᠨ ᠬᠥᠬᠢᠭᠦᠯᠬᠦ ᠶᠡᠭᠡ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠦᠨ ᠵᠢᠶᠦ᠋ᠨ ᠮᠢᠨ᠂ ᠭᠦᠸᠧ ᠶᠢᠨ ᠯᠦᠩ ᠳᠤ 2019 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ ᠣᠯᠭᠤᠪᠠ︔ ︽ᠴᠥᠯᠵᠢᠭᠰᠡᠨ ᠭᠠᠵᠠᠷ ᠤᠨ ᠤᠰᠤᠨ ᠵᠦᠶ ᠶᠢᠨ ᠶᠠᠪᠤᠴᠠ ᠵᠢᠴᠢ ᠲᠡᠭᠦᠨ ᠤ ᠠᠮᠢ ᠠᠬᠤᠶ ᠶᠢ ᠠᠶᠠᠳᠠᠬᠤ ᠰᠤᠳᠤᠯᠭᠠᠨ︾ ᠵᠡᠷᠭᠡ 9 ᠦᠷ᠎ᠡ ᠪᠦᠲᠦᠭᠡᠯ ᠳᠤ        2019 — 2020 ᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠳᠡᠰ ᠤᠨ ᠱᠠᠩᠨᠠᠯ ᠣᠯᠭᠤᠪᠠ᠃ ︽ᠬᠤᠯᠪᠣᠭᠠᠲᠤ ᠡᠯᠧᠮᠧᠨ᠋ᠲ ᠲᠤ ᠰᠠᠭᠤᠷᠢᠯᠠᠭᠰᠠᠨ ᠮᠠᠰᠢᠨ ᠴᠠᠬᠢᠯᠭᠠᠨ ᠤ ᠦᠢᠯᠡᠳᠬᠦᠨ ᠢ ᠳᠠᠬᠢᠨ ᠦᠢᠯᠡᠳᠬᠦ ᠵᠠᠳᠠᠯᠤᠨ ᠪᠠᠭᠤᠯᠭᠠᠬᠤ ᠪᠦᠲᠦᠴᠡ ᠶᠢᠨ ᠡᠭᠦᠰᠦᠮᠡᠯ ᠵᠢᠷᠤᠭ ᠲᠥᠯᠥᠪᠯᠡᠭᠡ ᠶᠢᠨ ᠠᠷᠭ᠎ᠠ ᠶᠢᠨ ᠰᠤᠳᠤᠯᠤᠯ︾ ᠵᠡᠷᠭᠡ 12 ᠦᠷ᠎ᠡ ᠪᠦᠲᠦᠭᠡᠯ ᠳᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠣᠯᠭᠤᠵᠤ᠂ ︽ᠵᠢᠵᠢᠭ ᠮᠣᠯᠧᠺᠦ᠋ᠯᠲᠦ ᠢᠳᠡᠭᠡᠨ ᠤ ᠨᠡᠮᠡᠯᠲᠡ ᠡᠳ᠋ ᠤᠨ ᠬᠡᠮᠵᠢᠶ᠎ᠡ ᠬᠢᠭᠡᠳ ᠬᠤᠤᠷ ᠵᠦᠶ ᠶᠢᠨ ᠨᠥᠯᠥᠭᠡᠯᠡᠯ ᠤᠨ ᠰᠤᠳᠤᠯᠤᠯ︾ ᠵᠡᠷᠭᠡ 14 ᠦᠷ᠎ᠡ ᠪᠦᠲᠦᠭᠡᠯ ᠳᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠤᠨ ᠭᠤᠷᠪᠠᠳᠤᠭᠠᠷ ᠳᠡᠰ ᠤᠨ ᠱᠠᠩᠨᠠᠯ ᠣᠯᠭᠤᠪᠠ︔ ︽ᠨᠤᠨᠲᠠᠭ ᠨᠡᠭᠦᠷᠡᠰᠦ ᠦᠨᠡᠰᠦ ᠳᠠᠪᠤᠰᠤᠨ ᠬᠦᠴᠢᠯ ᠤᠨ ᠠᠷᠭ᠎ᠠ ᠪᠠᠷ ᠬᠥᠩᠭᠡᠨ ᠴᠠᠭᠠᠨ ᠭᠠᠯᠢ ᠶᠢ ᠬᠠᠮᠵᠢᠯᠴᠠᠨ ᠭᠠᠷᠭᠠᠵᠤ ᠠᠪᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ ᠵᠢᠴᠢ ᠬᠡᠷᠡᠭᠯᠡᠯᠲᠡ︾ ᠵᠡᠷᠭᠡ 33 ᠦᠷ᠎ᠡ ᠪᠦᠲᠦᠭᠡᠯ ᠳᠤ 2019 — 2020 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ ᠣᠯᠭᠤᠪᠠ᠃ ︽ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠥᠨᠳᠥᠷ ᠮᠠᠭᠨᠢ ᠪᠠᠭ᠎ᠠ ᠬᠥᠩᠭᠡᠨᠴᠠᠭᠠᠨ ᠤ ᠹᠯᠣᠷᠲᠤ ᠬᠠᠶᠢᠯᠤᠭᠤᠯᠤᠭᠴᠢ ᠶᠢᠨ ᠴᠢᠨᠠᠷᠲᠠᠶ ᠪᠥᠮᠪᠥᠭᠡᠯᠢᠭ ᠠᠭᠤᠷᠬᠠᠶ ᠶᠢᠨ ᠨᠡᠭᠡᠭᠡᠯᠲᠡ ᠪᠠ ᠬᠡᠷᠡᠭᠯᠡᠭᠡᠨ ᠤ ᠰᠤᠳᠤᠯᠤᠯ︾ ᠵᠡᠷᠭᠡ 75 ᠦᠷ᠎ᠡ ᠪᠦᠲᠦᠭᠡᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠣᠯᠭᠤᠵᠤ᠂ ︽ᠮᠠᠨᠠᠨᠲᠤ ᠬᠦᠢᠲᠡᠨ ᠵᠠᠭᠤᠴᠢ ᠶᠢ ᠬᠡᠷᠡᠭᠯᠡᠨ ᠢᠯᠴᠢ ᠪᠠᠷ ᠰᠢᠢᠳᠪᠦᠷᠢᠯᠡᠬᠦ ᠵᠠᠮ ᠲᠡᠮᠦᠷ ᠢ ᠨᠡᠭᠡᠭᠡᠨ ᠠᠰᠢᠭᠯᠠᠬᠤ ᠦᠢᠯᠡᠳᠪᠦᠷᠢᠯᠡᠯ ᠤᠨ ᠬᠤᠷᠠᠮᠠᠯ ᠮᠡᠷᠭᠡᠵᠢᠯ ᠤᠨ ᠰᠤᠳᠤᠯᠤᠯ ᠵᠢᠴᠢ ᠠᠵᠤ ᠦᠶᠢᠯᠡᠰᠵᠢᠯᠲᠡ ᠶᠢᠨ ᠬᠡᠷᠡᠭᠯᠡᠯᠲᠡ︾ ᠵᠡᠷᠭᠡ 102 ᠦᠷ᠎ᠡ ᠪᠦᠲᠦᠭᠡᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠭᠤᠷᠪᠠᠳᠤᠭᠠᠷ ᠳᠡᠰ ᠤᠨ ᠱᠠᠩᠨᠠᠯ ᠣᠯᠭᠤᠪᠠ᠃ ᠡᠭᠦᠨ ᠤ ᠬᠠᠮᠲᠤ ᠯᠢᠦ ᡁᠢ ᠫᠢᠩ ᠵᠡᠷᠭᠡ 9 ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ 2019 ᠣᠨ ᠤ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ ᠣᠯᠭᠤᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ