|
ᠯᠢᠨ ᠱᠤᠤ ᠴᠦᠨ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ | ᠬᠤᠷᠠᠯ ᠤᠨ ᠬᠤᠶᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠬᠠᠤᠯᠢ ᠶᠢᠨ ᠤᠬᠠᠭᠠᠨ ᠤ ᠨᠡᠶᠢᠭᠡᠮᠯᠢᠭ ᠤᠨ | ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠴᠣᠭᠴᠠᠯᠠᠬᠤ ᠳᠤ ᠬᠠᠤᠯᠢᠵᠢᠯ ᠤᠨ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ |
|
|
ᠨᠡᠶᠢᠲᠡᠯᠡᠭᠰᠡᠨ ᠴᠠᠭ᠄
2021/10/11
|
|
10 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠤᠶᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ 2021 ᠣᠨ ᠠᠴᠠ ᠨᠠᠭᠠᠰᠢᠬᠢ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠬᠡᠷᠡᠭ ᠡᠷᠬᠢᠯᠡᠭᠴᠢᠳ ᠤᠨ ᠨᠡᠮᠡᠵᠦ ᠭᠡᠯᠳᠤᠷᠢᠬᠦᠯᠬᠦ ᠵᠦᠢᠯ ᠢ ᠬᠢᠨᠠᠨ ᠵᠥᠪᠯᠡᠵᠦ᠂ ᠪᠦᠬᠦ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠰᠢᠰᠲ᠋ᠧᠮ ᠤᠨ ᠬᠢᠨ ᠤ ᠶᠡᠷᠦᠩᠬᠡᠢ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠬᠢᠨ ᠲᠠᠶᠢᠴᠢᠯᠠᠵᠤ᠂ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠠᠷᠤᠭ᠎ᠠ ᠯᠢᠨ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠯᠢᠶᠠᠨ ᠰᠦ᠋᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠾᠧᠩ ᠰᠢᠶᠤᠤ ᠹᠠᠨ ᠬᠤᠷᠠᠯ ᠳᠤ
ᠣᠷᠣᠯᠴᠠᠵᠠᠶ᠃ ᠯᠢᠨ ᠱᠤᠤ ᠴᠦᠨ᠂ ᠬᠠᠤᠯᠢ ᠶᠢᠨ ᠤᠬᠠᠭᠠᠨ ᠤ ᠨᠡᠶᠢᠭᠡᠮᠯᠢᠭ ᠪᠣᠯ ᠨᠠᠮ ᠤᠨ ᠤᠳᠤᠷᠢᠳᠤᠭᠰᠠᠨ ᠠᠷᠠᠳ ᠤᠨ ᠪᠦᠯᠬᠦᠮ᠂ ᠤᠯᠠᠨ ᠲᠦᠮᠡᠨ ᠤ ᠪᠦᠯᠬᠦᠮ᠂ ᠡᠷᠳᠡᠮ ᠰᠢᠨᠵᠢᠯᠡᠭᠡᠨ ᠤ ᠪᠦᠯᠬᠦᠮ ᠮᠥᠨ᠂ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ ᠣᠷᠣᠨ ᠤ ᠡᠯ᠎ᠡ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠪᠣᠯᠤᠨ ᠥᠷᠭᠡᠨ ᠤᠯᠠᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠳᠠᠨ ᠶᠡᠷᠦᠩᠬᠡᠢ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠦᠨᠡᠨ ᠬᠦ ᠣᠳᠣᠬᠠᠨ ᠤ ᠤᠨᠤᠯ ᠢᠶᠠᠷ ᠵᠡᠪᠰᠡᠭᠯᠡᠬᠦ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠠᠭᠤᠯᠭ᠎ᠠ ᠪᠣᠯᠭᠠᠵᠤ᠂ ᠬᠥᠮᠦᠵᠢᠯ ᠴᠡᠭᠴᠡᠯᠡᠯᠲᠡ ᠶᠢᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠭ ᠵᠣᠬᠢᠶᠠᠯ ᠢ ᠨᠢ ᠲᠡᠷᠡ ᠬᠡᠪ ᠢᠶᠠᠷ ᠨᠢ ᠤᠩᠰᠢᠵᠤ᠂ ᠤᠭ ᠶᠣᠰᠣ ᠶᠢ ᠨᠢ ᠨᠠᠷᠢᠨ ᠬᠢᠨᠠᠮᠠᠭᠠᠢ ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠨᠢ ᠨᠡᠪᠲᠡ ᠣᠶᠢᠯᠠᠭᠠᠵᠤ᠂ ᠭᠤᠣᠯ ᠠᠭᠤᠯᠭ᠎ᠠ ᠶᠢ ᠨᠢ ᠡᠵᠡᠮᠰᠢᠵᠦ᠂ ᠠᠵᠢᠯ ᠤᠨ ᠦᠢᠯᠡᠳᠦᠯᠭᠡ ᠪᠠᠨ ᠵᠢᠯᠣᠭᠤᠳᠤᠭᠤᠯᠵᠤ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠯᠢᠨ ᠱᠤᠤ ᠴᠦᠨ᠂ ᠪᠥᠬᠦ ᠣᠷᠣᠨ ᠤ ᠡᠯ᠎ᠡ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠢᠨ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠥᠬᠡᠶ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠥᠷᠭᠡᠨ ᠲᠡᠯᠭᠡᠷ ᠰᠠᠭᠤᠷᠢ ᠲᠠᠢ᠂ ᠬᠠᠷᠢᠯᠴᠠᠬᠤ ᠬᠡᠪᠴᠢᠶ᠎ᠡ ᠶᠡᠭᠡ᠂ ᠤᠯᠠᠨ ᠴᠢᠳᠠᠪᠤᠷᠢᠲᠠᠨ ᠴᠤᠭᠯᠠᠷᠠᠭᠰᠠᠨ᠂ ᠠᠵᠢᠯ ᠤᠨ ᠠᠷᠭ᠎ᠠ ᠬᠡᠯᠪᠡᠷᠢ ᠠᠮᠢᠳᠤᠯᠢᠭ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠣᠨᠣᠯ ᠤᠨ ᠰᠢᠨ᠎ᠡ ᠶᠢ ᠡᠭᠦᠳᠦᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠵᠤ᠂ ᠬᠠᠤᠯᠢ ᠶᠢᠨ ᠤᠬᠠᠭᠠᠨ ᠤ ᠰᠤᠳᠤᠯᠭᠠᠨ ᠢ ᠴᠡᠴᠡᠭᠯᠡᠭᠦᠯᠦᠨ ᠬᠥᠭᠵᠢᠭᠦᠯᠬᠦ ᠶᠢ ᠬᠥᠲᠥᠯᠥᠨ ᠳᠠᠭᠠᠭᠤᠯᠵᠤ᠂ ᠬᠠᠤᠯᠢ ᠶᠢᠨ ᠤᠬᠠᠭᠠᠨ ᠤ ᠣᠨᠣᠯ ᠤᠨ ᠦᠢᠯᠡᠳᠦᠯᠭᠡ ᠶᠢ ᠠᠬᠢᠭᠤᠯᠵᠤ᠂ ᠨᠠᠩ ᠥᠨᠳᠥᠷ ᠲᠦᠪᠰᠢᠨ ᠪᠥᠬᠦᠶ ᠬᠠᠤᠯᠢᠵᠢᠯ ᠤᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠠᠮᠢᠨ ᠰᠤᠳᠠᠰᠤ ᠶᠢ ᠪᠠᠷᠢᠮᠲᠠᠯᠠᠵᠤ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠵᠤ᠂ ᠠᠷᠠᠳ ᠲᠦᠮᠡᠨ ᠤ ᠠᠰᠢᠭ ᠲᠤᠰᠠ ᠶᠢ ᠢᠯᠡᠷᠡᠭᠦᠯᠬᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠬᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠶᠢ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠵᠢᠯ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠳᠠᠨ ᠤ ᠡᠩᠨᠡᠭᠡ ᠶᠢ ᠪᠦᠯᠬᠦᠮᠳᠡᠭᠦᠯᠦᠨ ᠳᠠᠭᠠᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠠᠰᠤᠷᠠᠯᠳᠠ ᠦᠭᠡᠢ ᠪᠠᠬᠢᠵᠢᠭᠦᠯᠵᠦ᠂ ᠬᠡᠷᠡᠭ ᠡᠷᠬᠢᠯᠡᠭᠴᠢ ᠪᠤᠯᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠠᠤᠯᠢᠵᠢᠯ ᠤᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|