ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠰᠤᠳᠤᠯᠤᠨ ᠪᠠᠶᠢᠷᠢᠯᠠᠭᠤᠯᠪᠠ      ᠱᠢ ᠲᠠᠢ ᠹᠧᠩ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2021/10/11
      10 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠮᠠᠨ ᠤ ᠣᠷᠣᠨ ᠤ ᠴᠠᠬᠢᠯᠭᠠᠨ ᠬᠦᠴᠦ ᠪᠣᠯᠤᠨ ᠨᠡᠭᠦᠷᠡᠰᠦ ᠵᠡᠷᠭᠡ ᠶᠢᠨ ᠬᠠᠩᠭᠠᠯᠭ᠎ᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠪᠡ᠃       ᠬᠤᠷᠠᠯ ᠠᠴᠠ᠂ ᠥᠪᠥᠷ ᠮᠣᠩᠭᠤᠯ ᠪᠣᠯ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠪᠣᠯᠤᠨ᠎ᠠ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠣᠯ ᠥᠪᠥᠷ ᠮᠣᠩᠭᠤᠯ ᠤᠨ ᠡᠷᠬᠡᠪᠰᠢ ᠡᠷᠡᠰ ᠡᠭᠦᠷᠭᠡᠯᠡᠪᠠᠰᠤ ᠵᠤᠬᠢᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠪᠣᠯᠤᠨ ᠠᠬᠤᠢᠢᠴᠢ ᠲᠤᠯᠭᠠᠮ ᠴᠢᠨᠠᠷ ᠢ ᠭᠦᠨᠵᠡᠭᠡᠶ ᠲᠠᠨᠢᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠦᠴᠢᠷ ᠪᠡᠷᠬᠡᠰᠢᠶᠡᠯ ᠢ ᠡᠷᠡᠰ ᠢᠯᠡᠨ ᠳᠠᠪᠠᠵᠤ᠂ ᠡᠭᠦᠷᠭᠡ ᠪᠠᠨ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠣᠯᠭᠡᠵᠢᠭᠦᠯᠬᠦ ᠬᠡᠷᠡᠭᠲᠡᠶ᠃ ᠭᠤᠤᠯᠳᠠᠯᠭ᠎ᠠ ᠲᠠᠢ ᠨᠡᠭᠦᠷᠡᠰᠦᠨ ᠠᠭᠤᠷᠬᠠᠶ ᠶᠢ ᠱᠠᠯᠠᠪᠳᠠᠭᠤᠯᠤᠨ ᠵᠢᠯᠤᠭᠤᠳᠴᠤ ᠬᠢᠨᠠᠨ ᠲᠣᠭᠲᠠᠭᠠᠭᠰᠠᠨ ᠦᠢᠯᠡᠳᠪᠤᠷᠢᠯᠡᠯ ᠤᠨ ᠴᠢᠳᠠᠪᠤᠷᠢ ᠶᠣᠰᠣᠭᠠᠷ ᠦᠢᠯᠡᠳᠪᠤᠷᠢᠯᠡᠬᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠨᠡᠭᠦᠷᠡᠰᠦᠨ ᠤ ᠭᠠᠷᠤᠯᠳᠠ ᠶᠢ ᠨᠡᠮᠡᠭᠳᠡᠭᠦᠯᠦᠨ᠂ ᠦᠢᠯᠡᠳᠪᠤᠷᠢᠯᠡᠯ ᠤᠨ ᠠᠶᠤᠯᠭᠦᠢ ᠶᠢ ᠪᠠᠲᠤᠯᠠᠭᠰᠠᠨ ᠤᠷᠢᠲᠠᠯ ᠳᠤᠤᠷ᠎ᠠ ᠦᠢᠯᠡᠳᠪᠤᠷᠢᠯᠡᠬᠦ ᠴᠢᠳᠠᠪᠤᠷᠢ ᠶᠢ ᠪᠦᠲᠦᠮᠵᠢᠲᠡᠶ ᠴᠢᠯᠦᠭᠡᠯᠡᠬᠦ ᠬᠡᠷᠡᠭᠲᠡᠶ᠃ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ ᠪᠠ ᠴᠠᠬᠢᠯᠭᠠᠨ ᠤ ᠦᠢᠯᠡᠳᠪᠦᠷᠢ ᠶᠢᠨ ᠬᠠᠳᠠᠭᠠᠯᠠᠵᠤ ᠪᠠᠶᠢᠭ᠎ᠠ ᠨᠡᠭᠦᠷᠡᠰᠦ ᠶᠢ ᠲᠤᠬᠢᠷᠠᠭᠤᠯᠤᠨ ᠵᠤᠬᠢᠴᠠᠭᠤᠯᠬᠤ ᠶᠢ ᠴᠢᠩᠭᠠᠳᠬᠠᠵᠤ᠂ ᠴᠠᠬᠢᠯᠭᠠᠨ ᠭᠠᠷᠭᠠᠵᠤ ᠢᠯᠴᠢ ᠬᠠᠩᠭᠠᠬᠤ ᠪᠠ ᠠᠷᠠᠳ ᠤᠨ ᠠᠮᠢᠳᠤᠷᠠᠯ ᠳᠤ ᠬᠡᠷᠡᠭᠯᠡᠬᠦ ᠨᠡᠭᠦᠷᠡᠰᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠬᠤ ᠬᠡᠷᠡᠭᠲᠡᠶ᠃ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠨ᠂ ᠡᠵᠡᠩᠨᠡᠯᠲᠡ ᠨᠢ ᠬᠦᠴᠢᠷᠳᠡᠯᠲᠡᠶ ᠪᠠᠶᠢᠭ᠎ᠠ ᠭᠤᠣᠯᠳᠠᠯᠭ᠎ᠠ ᠲᠠᠢ ᠴᠠᠬᠢᠯᠭᠠᠨ ᠭᠠᠷᠭᠠᠬᠤ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠳᠠᠷᠤᠭᠠᠰᠤ ᠶᠢ ᠨᠢ ᠬᠥᠩᠭᠡᠷᠡᠭᠦᠯᠵᠦ᠂ ᠦᠢᠯᠡᠳᠪᠦᠷᠢᠯᠡᠬᠦ ᠢᠳᠡᠪᠬᠢᠵᠢᠯ ᠢ ᠨᠢ ᠳᠡᠭᠡᠭᠰᠢᠯᠡᠭᠦᠯᠬᠦ ᠬᠡᠷᠡᠭᠲᠡᠶ᠃      ᠴᠠᠬᠢᠯᠭᠠᠨ ᠤ ᠦᠨ᠎ᠡ ᠶᠢ ᠵᠤᠬᠢᠴᠠᠭᠤᠯᠵᠤ ᠵᠢᠯᠣᠭᠤᠳᠬᠤ ᠲᠣᠭᠲᠡᠴᠡ ᠶᠢ ᠭᠦᠨᠵᠡᠭᠡᠶ ᠰᠤᠳᠤᠯᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠥᠷᠥ ᠶᠢᠨ ᠪᠣᠳᠣᠯᠭ᠎ᠠ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠪᠦᠲᠦᠮᠵᠢᠲᠡᠶ ᠨᠠᠮᠳᠠᠭᠤᠯᠬᠤ ᠬᠡᠷᠡᠭᠲᠡᠶ᠃ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠲᠠᠢ ᠤᠶᠠᠯᠳᠤᠭᠤᠯᠤᠨ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠲᠥᠯᠥᠪᠯᠡᠭᠡ ᠪᠠ ᠲᠥᠰᠦᠯ ᠢ ᠰᠢᠯᠢᠳᠡᠭᠵᠢᠭᠦᠯᠵᠦ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠥᠷᠨᠢᠭᠦᠯᠬᠦ ᠬᠡᠷᠡᠭᠲᠡᠶ᠃ ᠰᠢᠨ᠎ᠡ ᠡᠨᠧᠷᠭᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠵᠥᠪᠰᠢᠶᠡᠷᠡᠬᠦ᠂ ᠠᠵᠢᠯ ᠢᠶᠠᠨ ᠡᠬᠢᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠲᠦᠷᠭᠡᠳᠬᠡᠵᠦ᠂ ᠠᠯᠤᠰ ᠬᠡᠳᠦ ᠠᠴᠠ ᠪᠣᠳᠣᠯᠬᠢᠯᠠᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠨᠡ ᠡᠪᠦᠯ ᠪᠠ ᠢᠷᠡᠬᠦ ᠬᠠᠪᠤᠷ ᠤᠨ ᠢᠯᠴᠢ ᠬᠠᠩᠭᠠᠬᠤ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠢᠯᠴᠢ ᠬᠠᠩᠭᠠᠬᠤ ᠠᠵᠤ ᠠᠬᠤᠶᠢᠯᠠᠯ ᠢ ᠬᠠᠪᠰᠤᠷᠤᠨ ᠪᠣᠳᠠᠲᠤ ᠬᠦᠴᠢᠷᠳᠡᠯ ᠢ ᠨᠢ ᠰᠢᠢᠳᠪᠤᠷᠢᠯᠡᠵᠦ᠂ ᠣᠯᠠᠨ ᠲᠦᠮᠡᠨ ᠤ ᠠᠮᠢᠳᠤᠷᠠᠯ ᠨᠥᠯᠥᠭᠡᠯᠡᠭᠳᠡᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠢᠯ ᠳᠤᠮᠳᠠ ᠢᠯᠡᠷᠡᠭᠰᠡᠨ ᠪᠠᠴᠢᠮ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃       ᠬᠤᠷᠠᠯ ᠠᠴᠠ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠶᠢ ᠴᠢᠩᠭᠠᠳᠬᠠᠵᠤ᠂ ︽ᠬᠤᠶᠠᠷ ᠶᠡᠬᠡᠳᠠᠢ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠬᠤᠷᠢᠬᠯᠠᠬᠤ ᠪᠣᠯ ᠡᠷᠬᠡᠪᠰᠢ ᠡᠷᠡᠰ ᠭᠤᠶᠢᠪᠢᠰᠢ ᠦᠭᠡᠢ ᠪᠠᠷ ᠴᠢᠩᠭ᠎ᠠ ᠠᠳᠬᠤᠵᠤ ᠰᠠᠶᠢᠲᠤᠷ ᠠᠳᠬᠤᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠰᠲ᠋ᠧᠮᠳᠤ ᠦᠵᠡᠯᠲᠡ ᠶᠢ ᠪᠤᠢ ᠪᠣᠯᠭᠠᠵᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠨ᠂ ᠢᠯᠭᠠᠭ᠎ᠠ ᠲᠠᠢ ᠬᠠᠨᠳᠤᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠣᠨᠢᠨ ᠲᠡᠬᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠳᠠᠯᠠᠵᠤ᠂ ᠪᠦᠬᠦ ᠲᠠᠯ᠎ᠠ ᠪᠠᠷ ᠪᠣᠳᠣᠯᠬᠢᠯᠠᠨ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠳᠡᠭᠡᠷ ᠰᠣᠬᠤᠷ ᠪᠠᠯᠠᠢ ᠪᠠᠷ ᠬᠡᠷᠡᠭᠵᠢᠬᠦᠯᠦᠭᠰᠡᠨ ︽ᠬᠤᠶᠠᠷ ᠶᠡᠬᠡᠳᠠᠢ︾ ᠲᠦᠷᠦᠯ ᠵᠦᠢᠯ ᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠦᠷᠦᠯ ᠤᠨ ᠡᠨᠧᠷᠭᠢ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠠᠷᠢᠨ ᠳᠡᠳᠡᠭᠡᠷ ᠪᠠᠲᠤᠯᠠᠬᠤ ᠶᠣᠰᠣᠲᠠᠢ ᠲᠦᠷᠦᠯ ᠵᠦᠢᠯ᠂ ᠳᠡᠮᠵᠢᠬᠦ ᠶᠣᠰᠣᠲᠠᠢ ᠠᠵᠤ ᠠᠬᠤᠶᠢᠯᠠᠯ ᠢ ᠡᠷᠬᠡᠪᠰᠢ ᠭᠦᠢᠴᠡᠳ ᠪᠠᠳᠤᠯᠠᠨ ᠳᠡᠮᠵᠢᠵᠤ᠂ ᠢᠯᠠᠩᠭᠤᠶ᠎ᠠ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ᠬᠡᠷᠡᠭᠯᠡᠬᠦ ᠡᠨᠧᠷᠭᠢ ᠶᠢᠨ ᠲᠠᠯ᠎ᠠ ᠪᠠᠷ ᠶᠠᠭᠠᠬᠢᠭᠰᠠᠨ ᠴᠤ ᠠᠰᠠᠭᠤᠳᠠᠯ ᠭᠠᠷᠭᠠᠵᠤ ᠪᠣᠯᠬᠤ ᠦᠭᠡᠢ᠃ ᠠᠵᠢᠯ ᠤᠨ ᠳᠤᠮᠳᠠ ᠪᠠᠨ ᠡᠷᠡᠰ ᠪᠠᠲᠤ ᠪᠠᠶᠢᠬᠤ ᠪᠠᠷ ᠪᠠᠷᠠᠬᠤ ᠦᠭᠡᠢ ᠪᠠᠰᠠ ᠠᠷᠭ᠎ᠠ ᠬᠡᠯᠪᠡᠷᠢ ᠶᠢ ᠠᠩᠬᠠᠷᠴᠤ᠂ ᠳᠦᠭᠦᠮ ᠪᠦᠳᠦᠭᠦᠯᠢᠭ ᠢᠶᠠᠷ ᠠᠬᠢᠭᠤᠯᠵᠤ ᠪᠤᠯᠬᠤ ᠦᠭᠡᠢ᠂ ᠨᠢᠭᠡ ᠯᠡ ᠠᠳᠠᠯᠢ ᠪᠠᠷ ᠱᠠᠭᠠᠷᠳᠠᠵᠤ ᠬᠢᠵᠦ ᠪᠣᠯᠬᠤ ᠦᠭᠡᠢ᠂ ᠲᠣᠯᠣᠭᠠᠢ ᠨᠢ ᠡᠪᠡᠳᠪᠡᠯ ᠭᠠᠭᠴᠠᠬᠠᠨ ᠲᠣᠯᠣᠭᠠᠢ ᠶᠢ ᠨᠢ ᠡᠮᠨᠡᠵᠦ᠂ ᠬᠦᠯ ᠨᠢ ᠡᠪᠡᠳᠪᠡᠯ ᠭᠠᠭᠴᠠᠬᠠᠨ ᠬᠦᠯ ᠢ ᠨᠢ ᠡᠮᠨᠡᠵᠤ ᠪᠣᠯᠬᠤ ᠦᠭᠡᠢ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠬᠤ ᠳᠤ ᠪᠠᠰᠠ ᠨᠢᠭᠡ ᠲᠦᠢᠯ ᠠᠴᠠ ᠨᠦᠬᠦᠭᠡ ᠲᠦᠢᠯ ᠳᠤ ᠬᠦᠷᠬᠦ ᠶᠢ ᠰᠡᠷᠭᠡᠶᠢᠯᠡᠵᠦ᠂ ᠬᠠᠩᠭᠠᠯᠭ᠎ᠠ ᠶᠢ ᠪᠠᠲᠤᠯᠠᠨ᠎ᠠ ᠭᠡᠭᠰᠡᠭᠡᠷ ᠶᠠᠭᠤ ᠶᠢ ᠴᠤ ᠬᠠᠮᠢᠶᠠᠷᠬᠤ ᠦᠭᠡᠢ ᠪᠤᠯᠵᠤ᠂ ᠲᠠᠬᠢᠨ ᠬᠠᠭᠤᠴᠢᠨ ᠵᠠᠮ ᠢᠶᠠᠷ ᠢᠶᠠᠨ ᠵᠠᠮᠨᠠᠬᠤ ᠶᠢ ᠪᠤᠳᠤᠵᠤ ᠪᠤᠯᠬᠤ ᠦᠭᠡᠢ᠃ ᠬᠠᠩᠭᠠᠯᠭ᠎ᠠ ᠶᠢ ᠪᠠᠲᠤᠯᠠᠬᠤ ᠪᠣᠯ ᠶᠡᠭᠡ ᠲᠠᠯ᠎ᠠ ᠮᠥᠨ᠂ ᠪᠢᠳᠡ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠂ ᠭᠡᠪᠡᠴᠦ ᠬᠠᠩᠭᠠᠯᠭ᠎ᠠ ᠶᠢ ᠪᠠᠲᠤᠯᠠᠬᠤ ᠨᠡᠷ᠎ᠡ ᠪᠠᠷ ᠠᠮᠢ ᠠᠬᠤᠢ ᠣᠷᠴᠢᠨ ᠲᠣᠭᠤᠷᠢᠨ ᠢ ᠡᠪᠳᠡᠵᠦ᠂ ᠪᠠᠯᠠᠮᠠᠳ ᠪᠦᠳᠦᠭᠦᠯᠢᠭ ᠢᠶᠠᠷ ᠨᠡᠭᠡᠭᠡᠨ ᠬᠥᠭᠵᠢᠭᠦᠯᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠲᠣᠭᠲᠠᠯ ᠬᠦᠴᠦᠨ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠠᠭᠠᠨ ᠶᠠᠭᠠᠬᠢᠭᠰᠠᠨ ᠴᠤ ᠭᠤᠶᠢᠪᠢᠯᠵᠠᠵᠤ ᠪᠣᠯᠬᠤ ᠦᠭᠡᠢ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠡᠷᠴᠢ ᠵᠣᠷᠢᠭ ᠢᠶᠠᠨ ᠶᠠᠭᠠᠬᠢᠭᠰᠠᠨ ᠴᠤ ᠭᠤᠶᠢᠪᠢᠯᠵᠠᠭᠤᠯᠵᠤ ᠪᠣᠯᠬᠤ ᠦᠭᠡᠢ᠂ ᠠᠮᠢ ᠠᠬᠤᠢ ᠶᠢᠨ ᠠᠮᠤᠷ ᠲᠦᠪᠰᠢᠨ ᠤ ᠤᠯᠠᠭᠠᠨ ᠱᠤᠭᠤᠮ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠶᠠᠭᠠᠬᠢᠭᠰᠠᠨ ᠴᠤ ᠳᠠᠪᠠᠵᠤ ᠪᠣᠯᠬᠤ ᠦᠭᠡᠢ᠂ ᠮᠠᠨ ᠤ ᠣᠷᠣᠨ ᠤ ᠡᠨᠧᠷᠭᠢ ᠶᠢᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ