ᠳᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠨᠣᠣᠰᠤ ᠨᠣᠣᠯᠤᠭᠤᠷ ᠤᠨ ᠦᠵᠡᠰᠬᠦᠯᠡᠩ ᠡᠬᠢᠯᠡᠪᠡ  ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠵᠠᠩ ᠱᠣᠣ ᠭᠠᠩ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2021/10/11

      10 ᠳ᠋ᠤᠭᠠᠷ ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠣᠯᠠᠨ ᠤᠯᠤᠰ ᠤᠨ ᠬᠤᠳᠠᠯᠳᠤᠭᠠᠴᠢᠳ ᠤᠨ ᠵᠦᠪᠯᠡᠯ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠵᠦᠪᠯᠡᠯ ᠪᠣᠯᠤᠨ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠨ ᠡᠷᠭᠢᠯᠡᠵᠦ᠂ ᠣᠷᠳᠣᠰ ᠬᠤᠲᠠ ᠶᠢᠨ ᠠᠷᠠᠯᠵᠢᠶ᠎ᠠ ᠶᠢ ᠠᠬᠢᠭᠤᠯᠬᠤ ᠵᠦᠪᠯᠡᠯ ᠪᠣᠯᠤᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠪᠡᠯᠡᠳᠬᠡᠨ ᠬᠡᠷᠡᠭᠵᠢᠭᠦᠯᠦᠭᠰᠡᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠨᠣᠣᠰᠤ ᠨᠣᠣᠯᠤᠭᠤᠷ ᠤᠨ ᠦᠵᠡᠰᠭᠦᠯᠡᠩ ᠣᠷᠳᠣᠰ ᠬᠤᠲᠠ ᠶᠢᠨ ᠳ᠋ᠦᠩᠱᠧᠩ ᠲᠣᠭᠤᠷᠢᠭ ᠲᠤ ᠡᠬᠢᠯᠡᠪᠡ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠡᠳ᠋ ᠳᠠᠷᠤᠭ᠎ᠠ ᠵᠠᠩ ᠱᠤᠤ ᠭᠠᠩ᠂ ᠳᠤᠮᠳᠠᠳᠤ ᠤᠯᠤᠰ ᠲᠤ ᠰᠠᠭᠤᠭ᠎ᠠ ᠫᠠᠺᠢᠰᠲ᠋ᠠᠨ ᠤ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠮᠥᠢᠨ·ᠬᠠᠺᠧ᠂ ᠰᠷᠢ ᠯᠠᠨᠺᠠ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠠᠯᠪᠠᠨ ᠡᠯᠴᠢ ᠰᠧᠷᠸᠢᠰᠲ· ᠫᠧᠶᠢᠯᠧᠶᠢᠯᠠ ᠲᠤᠰ ᠲᠤᠰ ᠪᠠᠶᠠᠷ ᠤᠨ ᠦᠭᠡ ᠬᠡᠯᠡᠪᠡ᠃
      ᠵᠠᠩ ᠱᠣᠣ ᠭᠠᠩ ᠪᠠᠶᠠᠷ ᠤᠨ ᠦᠭᠡ ᠳᠤ ᠪᠠᠨ᠂ 2018 ᠣᠨ ᠠᠴᠠ ᠡᠬᠢᠯᠡᠨ᠂ ᠳᠤᠮᠳᠠᠳᠤ ᠤᠯᠤᠰ ︵ᠤᠷᠳᠤᠰ︶ ᠤᠨ ᠤᠯᠠᠨ ᠤᠯᠤᠰ ᠤᠨ ᠨᠣᠣᠰᠤ ᠨᠣᠣᠯᠤᠭᠤᠷ ᠤᠨ ᠦᠵᠡᠰᠭᠦᠯᠡᠩ ᠢ ᠨᠢᠭᠡᠨᠲᠡ ᠭᠤᠷᠪᠠᠨ ᠬᠤᠭᠤᠴᠠᠭ᠎ᠠ ᠠᠮᠵᠢᠯᠲᠠ ᠲᠠᠢ ᠡᠷᠬᠢᠯᠡᠪᠡ᠃ ᠡᠯ᠎ᠡ ᠲᠠᠯ᠎ᠠ ᠶᠢᠨ ᠨᠢᠭᠲᠠ ᠬᠠᠮᠲᠤᠷᠠᠯᠴᠠᠭ᠎ᠠ ᠳᠣᠣᠷ᠎ᠠ᠂ ᠲᠤᠰ ᠦᠵᠡᠰᠬᠦᠯᠡᠩ ᠤᠨ ᠤᠯᠤᠰ ᠤᠨ ᠳᠣᠲᠣᠭᠠᠳᠤ ᠭᠠᠳᠠᠭᠠᠳᠤ ᠳᠠᠬᠢ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠵᠢᠴᠢ ᠮᠡᠳᠡᠴᠡ ᠢᠯᠡᠳᠲᠡ ᠳᠡᠭᠡᠭᠰᠢᠯᠡᠵᠦ᠂ ᠨᠣᠣᠰᠤ ᠨᠣᠣᠯᠤᠭᠤᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ᠂ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠮᠠᠨ ᠤ ᠤᠯᠤᠰ ᠤᠨ ᠨᠣᠣᠰᠤ ᠨᠣᠣᠯᠤᠭᠤᠷ ᠤᠨ ᠬᠦᠷᠢᠶᠡᠨ ᠤ ᠠᠵᠢᠯ ᠲᠦᠷᠦᠯ ᠤᠨ ᠲᠡᠷᠢᠭᠦᠨ ᠲᠡᠰ ᠤᠨ ᠦᠪᠡᠳᠡᠭᠰᠢ ᠴᠤᠭᠯᠠᠭᠠᠨ ᠪᠣᠯᠤᠭᠰᠠᠨ ᠪᠠᠶᠢᠨ᠎ᠠ᠃ ᠲᠤᠰ ᠦᠵᠡᠰᠭᠦᠯᠡᠩ ᠨᠢ ᠳᠤᠮᠳᠠᠳᠤ ᠤᠯᠤᠰ ᠤᠨ ᠣᠯᠠᠨ ᠤᠯᠤᠰ ᠤᠨ ᠬᠤᠳᠠᠯᠳᠤᠭᠠᠴᠢᠳ ᠤᠨ ᠵᠦᠪᠯᠡᠯ ᠤᠨ ᠪᠤᠶᠢᠵᠢᠭᠤᠯᠤᠭᠰᠠᠨ ᠲᠤᠰᠬᠠᠶ ᠮᠡᠷᠭᠡᠵᠢᠯ ᠤᠨ ᠬᠡᠯᠪᠡᠷᠢ ᠶᠢᠨ ᠦᠵᠡᠰᠭᠦᠯᠡᠩ ᠪᠣᠯᠤᠭᠰᠠᠨ ᠤ ᠬᠤᠪᠢ ᠳᠤ᠂ ᠭᠠᠵᠠᠷ ᠣᠷᠣᠨ ᠤ ᠳᠠᠪᠠᠭᠤᠯᠢᠭ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ ᠪᠠᠷ ᠵᠣᠭᠰᠣᠴᠠ ᠪᠣᠯᠭᠠᠬᠤ ᠨᠢ ᠨᠣᠣᠰᠤ ᠨᠣᠣᠯᠤᠭᠤᠷ ᠤᠨ ᠦᠨᠳᠦᠰᠦᠲᠡᠨ ᠤ ᠨᠠᠷᠠᠲᠤ ᠲᠡᠮᠳᠡᠭ ᠶᠢ ᠪᠤᠶᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠡᠯ᠎ᠡ ᠤᠯᠤᠰ ᠤᠨ ᠬᠤᠳᠠᠯᠳᠤᠭᠠᠴᠢᠨ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠬᠤ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠪᠠᠰᠠ ᠴᠤ ᠥᠪᠥᠷ ᠮᠣᠩᠭᠤᠯ ᠤᠨ ᠭᠠᠳᠠᠭᠠᠳᠤ ᠨᠡᠭᠡᠭᠡᠯᠲᠡ ᠶᠢ ᠳᠡᠯᠭᠡᠨ ᠦᠵᠡᠭᠦᠯᠬᠦ ᠴᠢᠬᠤᠯᠠ ᠴᠣᠩᠬᠤ ᠮᠥᠨ ᠭᠡᠵᠡᠢ᠃
      ᠲᠤᠰ ᠬᠤᠭᠤᠴᠠᠭᠠᠨ ᠤ ᠦᠵᠡᠰᠭᠦᠯᠡᠩ 3 ᠡᠳᠦᠷ ᠶᠠᠪᠤᠭᠳᠠᠵᠤ᠂ ︽ᠳᠤᠮᠳᠠᠳᠤ ᠶᠢᠨ ᠨᠤᠤᠯᠤᠭᠤᠷ ᠢᠶᠠᠷ ᠳᠡᠯᠡᠬᠡᠢ ᠳ᠋ᠠᠬᠢᠨ ᠢ ᠳᠤᠯᠠᠭᠠᠯᠠᠬᠤ︾ ᠭᠡᠰᠡᠨ ᠰᠡᠳᠦᠪ ᠢᠶᠠᠷ ᠭᠤᠣᠯ ᠰᠡᠳᠦᠪ ᠪᠣᠯᠭᠠᠵᠠᠢ᠃ ᠳᠡᠯᠭᠡᠨ ᠦᠵᠡᠭᠦᠯᠬᠦ ᠲᠣᠭᠤᠷᠢᠭ ᠨᠢ ᠬᠤᠪᠴᠠᠰᠤ ᠵᠠᠰᠠᠯ᠂ ᠵᠠᠰᠠᠯ ᠴᠢᠮᠡᠭᠯᠡᠯ᠂ ᠲᠦᠭᠦᠬᠡᠢ ᠡᠳ᠋ ᠮᠠᠲ᠋ᠧᠷᠢᠶᠠᠯ᠂ ᠬᠤᠳᠠᠯᠳᠤᠭᠠᠨ ᠤ ᠶᠠᠪᠤᠳᠠᠯ ᠤᠨ ᠵᠥᠪᠳᠡᠯᠴᠡᠭᠡ᠂ ᠴᠢᠩᠭᠡᠯᠢᠭᠲᠦ ᠡᠭᠦᠯᠡᠨ ᠳᠡᠯᠭᠡᠨ ᠦᠵᠡᠭᠦᠯᠬᠦ ᠲᠣᠭᠤᠷᠢᠭ ᠵᠡᠷᠭᠡ ᠶᠢᠰᠦᠨ ᠲᠤᠮᠤ ᠳᠡᠯᠭᠡᠨ ᠦᠵᠡᠭᠦᠯᠬᠦ ᠲᠣᠭᠤᠷᠢᠭ ᠢᠶᠠᠷ ᠪᠦᠷᠢᠯᠳᠦᠵᠦ᠂ ᠲᠠᠯᠠᠪᠠᠢ ᠨᠢ 2 ᠲᠦᠮᠡᠨ ᠺᠦᠸᠠᠲ ᠮᠧᠲᠷ ᠪᠠᠶᠢᠵᠤ᠂ 190 ᠳᠡᠯᠭᠡᠨ ᠦᠵᠡᠭᠦᠯᠬᠦ ᠪᠠᠶᠢᠷᠢ ᠭᠠᠷᠭᠠᠵᠤ᠂ ᠫᠠᠺᠢᠰᠲ᠋ᠠᠨ᠂ ᠢᠷᠠᠨ᠂ ᠮᠣᠩᠭᠤᠯ ᠤᠯᠤᠰ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ 130 ᠭᠠᠷᠤᠢ ᠠᠵᠤ ᠠᠬᠤᠶᠢᠯᠠᠯ ᠦᠵᠡᠰᠭᠦᠯᠡᠩ ᠳᠤ ᠣᠷᠤᠯᠴᠠᠨ᠂ 200 ᠭᠠᠷᠤᠢ ᠡᠷᠦᠬᠡ ᠶᠢᠨ ᠬᠤᠳᠠᠯᠳᠤᠨ ᠠᠪᠬᠤ ᠬᠤᠳᠠᠯᠳᠤᠭᠠᠴᠢᠨ ᠲᠤᠬᠠᠢ ᠶᠢᠨ ᠲᠠᠯᠠᠪᠠᠢ ᠳᠤ ᠬᠦᠷᠴᠦ ᠬᠤᠳᠠᠯᠳᠤᠭᠠᠯᠠᠵᠠᠢ᠃ ᠦᠵᠡᠰᠭᠦᠯᠡᠩ ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠤᠶᠤᠨᠲᠤ ᠡᠭᠦᠯᠡᠨ ᠣᠷᠳᠣᠨ ᠤ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠮᠡᠷᠭᠡᠵᠢᠯ ᠢ ᠠᠰᠢᠭᠯᠠᠨ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠰᠬᠦᠯᠡᠩ ᠳᠤ ᠣᠷᠤᠯᠴᠠᠭᠰᠠᠨ ᠠᠵᠤ ᠠᠬᠤᠶᠢᠯᠠᠯ ᠪᠠ ᠬᠤᠳᠠᠯᠳᠤᠨ ᠠᠪᠬᠤ ᠬᠤᠳᠠᠯᠳᠤᠭᠠᠴᠢᠨ ᠳᠤ ᠰᠦᠯᠵᠢᠶᠡᠨ ᠳᠡᠭᠡᠷ᠎ᠡ ᠲᠤᠬᠠᠶ ᠶᠢᠨ ᠴᠠᠭ ᠤᠨ ᠦᠢᠯᠡᠳᠬᠦᠨ ᠤ ᠮᠡᠳᠡᠭᠡ ᠵᠠᠩᠭᠢ ᠶᠢᠨ ᠦᠵᠡᠭᠦᠯᠦᠯᠭᠡ ᠭᠠᠷᠭᠠᠨ ᠦᠭᠴᠦ᠂ ᠰᠦᠯᠵᠢᠶᠡᠨ ᠳᠡᠭᠡᠷ᠎ᠡ ᠬᠤᠷᠠᠯ ᠵᠦᠪᠳᠡᠯᠴᠡᠭᠡ ᠬᠢᠬᠦ ᠵᠡᠷᠭᠡ ᠦᠢᠯᠡᠴᠢᠯᠡᠭᠡ ᠬᠠᠩᠭᠠᠵᠠᠢ᠃ ᠦᠵᠡᠰᠭᠦᠯᠡᠩ ᠤᠨ ᠬᠤᠭᠤᠴᠠᠭᠠᠨ ᠳᠤ ᠪᠠᠰᠠ 2021 · ᠣᠷᠳᠣᠰ ᠬᠤᠲᠠ ᠶᠢᠨ ᠨᠣᠣᠰᠣ ᠨᠣᠣᠯᠤᠭᠤᠷ ᠤᠨ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ᠂ ᠣᠬᠢ ᠰᠠᠶᠢᠨ ᠨᠣᠣᠰᠤ ᠨᠣᠣᠯᠤᠭᠤᠷ ᠤᠨ ᠲᠦᠭᠦᠬᠡᠶ ᠡᠳ᠋ ᠤᠨ ᠰᠦᠯᠵᠢᠶᠡᠨ ᠳᠡᠭᠡᠷ᠎ᠡ ᠬᠤᠳᠠᠯᠳᠤᠨ ᠠᠪᠬᠤ ᠶᠢ ᠵᠣᠯᠭᠠᠭᠤᠯᠬᠤ ᠴᠤᠭᠯᠠᠭᠠᠨ᠂ ᠬᠤᠶᠠᠳᠤᠭᠠᠷ ᠤᠯᠠᠷᠢᠯ ᠤᠨ ︽ᠠᠢ ᠭᠧᠦ ᠨᠣᠣᠰᠣ ᠨᠣᠣᠯᠤᠭᠤᠷ ᠤᠨ ᠨᠠᠷᠠᠲᠤ ᠲᠡᠮᠳᠡᠭᠲᠦ ᠶᠢᠨ ᠲᠥᠯᠥᠪᠯᠡᠭᠡ︾ ᠶᠢᠨ ᠰᠦᠯᠵᠢᠶᠡᠨ ᠳᠡᠭᠡᠷᠡᠬᠢ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢᠨ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠠᠮᠢᠲᠠᠨ ᠤ ᠠᠰᠠᠷᠠᠮᠵᠢ ᠶᠢᠨ ᠣᠯᠠᠨ ᠤᠯᠤᠰ ᠤᠨ ᠨᠣᠣᠯᠤᠭᠤᠷ ᠤᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢᠨ ᠳᠡᠭᠡᠳᠦ ᠲᠠᠰ ᠤᠨ ᠶᠠᠷᠢᠶᠠᠨ ᠤ ᠲᠠᠪᠴᠠᠩ ᠵᠡᠷᠭᠡ ᠢᠵᠢ ᠪᠥᠷᠢᠳᠦᠭᠦᠯᠬᠦ ᠠᠵᠢᠯᠯᠠᠭ᠎ᠠ ᠶᠢ ᠶᠠᠪᠤᠭᠳᠠᠭᠤᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ