ᠸᠠᠩ ᠯᠢ ᠰᠢᠶᠠ ᠴᠠᠭᠠᠨᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠠᠵᠢᠯ ᠢ ᠳᠠᠯᠳᠠᠭᠤᠷ ᠪᠠᠶᠢᠴᠠᠭᠠᠪᠠ
ᠨᠡᠶᠢᠲᠡᠯᠡᠭᠰᠡᠨ ᠴᠠᠭ᠄
2021/10/12

      10 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠰᠢᠭᠤᠳ ᠦᠨᠳᠦᠰᠦᠨ ᠱᠠᠲᠤᠨ ᠳᠤ ᠬᠦᠷᠴᠦ᠂ ᠤᠯᠠᠭᠠᠨᠴᠠᠪ ᠬᠤᠳᠠ ᠶᠢᠨ ᠱᠠᠩᠳᠤ ᠰᠢᠶᠠᠨ ᠳᠤ ᠭᠦᠨᠵᠡᠭᠡᠶᠢᠷᠡᠨ ᠴᠠᠭᠠᠨᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠠᠵᠢᠯ ᠢ ᠲᠠᠯᠳᠠᠭᠤᠷ ᠪᠠᠶᠢᠴᠠᠭᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠲᠤᠯᠭᠠᠮ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠡᠷᠢᠵᠦ᠂ ᠠᠰᠠᠭᠤᠳᠠᠯ ᠢ ᠭᠦᠨᠵᠡᠭᠡᠢ ᠰᠤᠳᠤᠯᠵᠤ᠂ ᠤᠨᠢᠨ ᠲᠡᠭᠡᠷ᠎ᠡ ᠨᠢ ᠠᠰᠠᠭᠤᠳᠠᠯ ᠢ ᠰᠢᠢᠳᠪᠦᠷᠢᠯᠡᠵᠦ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠭᠡᠵᠤ ᠴᠢᠬᠤᠯᠠᠴᠢᠯᠠᠪᠠ᠃


1012王莉霞暗访检查察汗淖尔生态治理工作.jpg


      ᠸᠠᠩ ᠯᠢ ᠰᠢᠶᠠ ᠨᠠᠷ ᠴᠠᠭᠠᠨᠨᠠᠭᠤᠷ ᠤᠨ ᠨᠤᠭᠤ ᠭᠠᠵᠠᠷ ᠲᠤ ᠬᠦᠷᠴᠦ᠂ ᠠᠮᠢ ᠠᠬᠤᠢ ᠣᠷᠴᠢᠨ ᠲᠣᠭᠤᠷᠢᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠬᠠᠮᠢᠶᠠᠷᠤᠯᠲᠠ ᠶᠢᠨ ᠠᠵᠢᠯᠳᠠᠨ ᠠᠴᠠ ᠤᠰᠤᠨ ᠤ ᠬᠡᠮᠵᠢᠶ᠎ᠡ᠂ ᠤᠰᠤᠨ ᠤ ᠭᠠᠵᠠᠷ ᠣᠷᠣᠨ ᠤ ᠬᠤᠪᠢᠷᠠᠯᠲᠠ ᠪᠣᠯᠤᠨ ᠰᠠᠪᠠ ᠭᠠᠵᠠᠷ ᠲᠠᠬᠢ ᠲᠠᠷᠢᠶᠠᠨ ᠭᠠᠵᠠᠷ ᠤᠨ ᠤᠰᠤᠯᠠᠯᠲᠠ ᠶᠢ ᠵᠣᠭᠰᠣᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠠᠭᠠᠵᠥ ᠶᠠᠪᠤᠭ᠎ᠠ ᠲᠤᠰᠬᠠᠢ ᠮᠡᠷᠭᠡᠵᠢᠯᠲᠡᠨ ᠡᠷᠳᠡᠮᠲᠡᠨ ᠲᠠᠢ ᠰᠠᠪᠠ ᠭᠠᠵᠠᠷ ᠤᠨ ᠠᠮᠢ ᠠᠬᠤᠢ ᠶᠢᠨ ᠬᠤᠪᠢᠷᠠᠯᠲᠠ ᠶᠢᠨ ᠰᠢᠯᠲᠠᠭᠠᠨ ᠪᠣᠯᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠶᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠪᠠ ᠬᠥᠳᠡᠯᠦᠩᠭᠦᠢ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ᠂ ᠴᠠᠭᠠᠨᠨᠠᠭᠤᠷ ᠤᠨ ᠠᠮᠢ ᠠᠬᠤᠶ ᠶᠢᠨ ᠵᠠᠰᠠᠯᠲᠠ ᠶᠢᠨ ᠠᠵᠢᠯ ᠢ ᠰᠠᠶᠢᠲᠤᠷ ᠬᠢᠬᠦ ᠪᠣᠯ ᠴᠢᠬᠤᠯᠠ ᠶᠡᠭᠡ ᠤᠯᠤᠰ ᠲᠥᠷᠥ ᠶᠢᠨ ᠡᠭᠦᠷᠭᠡ᠂ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠤᠯᠠᠭᠠᠨᠴᠠᠪ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠷᠬᠡᠪᠰᠢ ᠡᠭᠦᠷᠭᠡᠯᠡᠯ ᠢᠶᠠᠨ ᠴᠢᠩᠭᠠᠳᠬᠠᠵᠤ᠂ ᠢᠳᠡᠪᠬᠢᠲᠡᠶ ᠵᠢᠳᠬᠦᠯ ᠴᠢᠷᠮᠠᠶᠢᠯᠭ᠎ᠠ ᠭᠠᠷᠭᠠᠵᠤ᠂ ᠴᠠᠭᠠᠨᠨᠠᠭᠤᠷ ᠤᠨ ᠠᠮᠢ ᠠᠬᠤᠶ ᠶᠢᠨ ᠵᠠᠰᠠᠯᠲᠠ ᠶᠢᠨ ᠠᠵᠢᠯ ᠢ ᠡᠷᠡᠰ ᠰᠠᠶᠢᠲᠤᠷ ᠬᠢᠵᠦ᠂ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠲᠦᠢᠯ ᠤᠨ ᠦᠨᠡᠨᠴᠢ ᠰᠢᠳᠤᠷᠭᠤ ᠪᠠᠶᠢᠬᠤ ᠪᠠᠨ ᠲᠠᠶᠢᠯᠪᠤᠷᠢᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃


1012王莉霞暗访检查察汗淖尔生态治理工作2.jpg


      ᠸᠠᠩ ᠯᠢ ᠰᠢᠶᠠ᠂ ᠴᠠᠭᠠᠨᠨᠠᠭᠤᠷ ᠤᠨ ᠠᠮᠢ ᠠᠬᠤᠢ ᠶᠢᠨ ᠵᠠᠰᠠᠯᠲᠠ ᠪᠣᠯ ᠨᠢᠭᠡᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠰᠠᠪᠠ ᠭᠠᠵᠠᠷ ᠤᠨ ᠠᠮᠢ ᠠᠬᠤᠢ ᠶᠢᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠠᠮᠢ ᠠᠬᠤᠢ ᠶᠢᠨ ᠵᠢᠮ᠎ᠡ ᠶᠣᠰᠣ ᠶᠢ ᠴᠢᠩᠭ᠎ᠠ ᠵᠢᠷᠤᠮᠯᠠᠵᠤ᠂ ᠠᠰᠠᠭᠤᠳᠠᠯ ᠤᠨ ᠭᠤᠤᠯ ᠲᠠᠯ᠎ᠠ ᠪᠣᠯᠤᠨ ᠵᠠᠰᠠᠯᠲᠠ ᠶᠢᠨ ᠵᠠᠩᠭᠢᠯᠠᠭ᠎ᠠ ᠶᠢ ᠴᠢᠨᠠᠭᠰᠢᠳᠠ ᠣᠨᠣᠪᠴᠢᠲᠠᠢ ᠡᠷᠢᠵᠦ᠂ ᠶᠡᠷᠦᠩᠬᠡᠶᠢᠯᠡᠨ ᠵᠠᠰᠠᠬᠤ ᠲᠥᠰᠦᠯ ᠢ ᠱᠠᠯᠠᠪᠳᠠᠨ ᠰᠤᠳᠤᠯᠤᠨ ᠲᠣᠭᠲᠠᠭᠠᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠤᠨᠢᠨ ᠳᠡᠭᠡᠷ᠎ᠡ ᠨᠢ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠵᠠᠰᠠᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠳᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠴᠢᠩᠭ᠎ᠠ ᠬᠠᠮᠢᠶᠠᠷᠤᠨ ᠡᠵᠡᠮᠳᠡᠬᠦ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ᠂ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠶᠢ ᠯᠠᠪᠳᠠᠭᠤᠨ ᠪᠠᠲᠤᠲᠠᠢ ᠬᠡᠷᠡᠭᠵᠢᠭᠦᠯᠵᠦ᠂ ᠨᠤᠭᠤ ᠭᠠᠵᠠᠷ ᠢ ᠪᠥᠬᠦ ᠲᠠᠯ᠎ᠠ ᠪᠠᠷ ᠬᠠᠮᠠᠭᠠᠯᠠᠨ ᠰᠡᠷᠭᠦᠭᠡᠬᠦ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠪᠠ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠲᠠᠯ᠎ᠠ ᠶᠢᠨ ᠬᠠᠷᠢᠭᠤᠴᠠᠯᠭ᠎ᠠ ᠢᠯᠠᠩᠭᠤᠶ᠎ᠠ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠲᠦᠷᠦᠯ ᠵᠦᠢᠯ ᠬᠤᠪᠢᠶᠠᠨ᠂ ᠵᠤᠷᠪᠤᠰ ᠵᠦᠢᠯ ᠳᠠᠷᠠᠭᠠᠯᠠᠨ ᠵᠠᠰᠠᠯᠲᠠ ᠶᠢᠨ ᠡᠭᠦᠷᠭᠡ ᠪᠠ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠶᠡᠭᠡ ᠪᠠᠷ ᠳᠠᠮᠵᠢᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠦᠴᠦᠲᠡᠶ ᠱᠠᠯᠠᠪᠳᠠᠭᠤᠯᠤᠨ ᠵᠢᠯᠣᠭᠤᠳᠴᠤ᠂ ᠵᠠᠰᠠᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠪᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠤᠨ‌‍ᠰᠢᠢᠳᠪᠦᠷᠢᠯᠡᠬᠦ ᠬᠡᠷᠡᠭᠲᠡᠶ᠃ ᠣᠷᠣᠨ ᠪᠦᠰᠡ ᠶᠢᠨ ᠵᠣᠬᠢᠴᠠᠩᠭᠤᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠮᠤᠵᠢ ᠶᠢᠨ ᠬᠤᠭᠤᠷᠣᠨᠳᠣᠬᠢ ᠠᠮᠢ ᠠᠬᠤᠢ ᠶᠢᠨ ᠬᠠᠮᠠᠭᠠᠯᠠᠯᠲᠠ ᠶᠢᠨ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠬᠦᠯᠵᠤ᠂ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠵᠠᠰᠠᠵᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠸᠠᠩ ᠯᠢ ᠰᠢᠶᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠣᠰᠣᠭᠠᠷ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠦᠬᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠬᠤ ᠲᠥᠯᠥᠪᠵᠢᠭᠦᠯᠭᠡ ᠶᠢ ᠪᠦᠬᠦ ᠲᠠᠯ᠎ᠠ ᠪᠠᠷ ᠰᠠᠶᠢᠲᠤᠷ ᠬᠡᠷᠡᠭᠵᠢᠭᠦᠯᠵᠤ᠂ ᠪᠣᠬᠢᠷᠲᠤᠯ ᠦᠭᠡᠢ ᠤᠨᠴᠠᠯᠢᠬᠳᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠪᠠᠶᠢᠷᠢᠯᠠᠭᠤᠯᠤᠯᠲᠠ ᠶᠢ ᠭᠦᠨᠵᠡᠭᠡᠢ ᠰᠠᠶᠢᠲᠤᠷ ᠬᠡᠷᠡᠭᠵᠢᠭᠦᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠱᠠᠭᠠᠷᠳᠠᠯᠭ᠎ᠠ ᠶᠢ ᠪᠣᠳᠠᠲᠠᠶ ᠪᠠᠷ ᠰᠠᠶᠢᠳᠤᠷ ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠨᠢᠬᠳᠠ ᠠᠩᠬᠠᠷᠤᠨ ᠰᠢᠢᠳᠪᠦᠷᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠨ ᠠᠵᠢᠯᠯᠠᠭ᠎ᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ