ᠬᠤᠶᠠᠷ ᠲᠠᠯ᠎ᠠ ᠳᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠬᠥᠭᠵᠢᠯᠲᠡ ᠶᠢ ᠲᠠᠰᠤᠷᠠᠯᠲᠠ ᠦᠭᠡᠢ ᠠᠭᠢᠭᠤᠯᠤᠶ᠎ᠠ  ᠬᠤᠸᠠᠩ ᡁᠢ ᠴᠢᠶᠠᠩ ᠳᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ ᠡᠯᠴᠢᠨ ᠰᠠᠶᠢᠳ ᠪᠠᠳᠠᠷᠠᠯ ᠲᠠᠢ ᠠᠭᠤᠯᠵᠠᠪᠠ
ᠨᠡᠶᠢᠲᠡᠯᠡᠭᠰᠡᠨ ᠴᠠᠭ᠄
2021/10/12


      10 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠳᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ ᠡᠯᠴᠢᠨ ᠰᠠᠶᠢᠳ ᠪᠠᠳᠠᠷᠠᠯ ᠨᠠᠷ ᠲᠠᠢ ᠬᠥᠬᠡᠬᠤᠲᠠᠨ᠎ᠠ ᠠᠭᠤᠯᠵᠠᠪᠠ᠃
      ᠬᠤᠸᠠᠩ ᡁᠢ ᠴᠢᠶᠠᠩ ᠪᠠᠳᠠᠷᠠᠯ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠤ ᠪᠠᠨ᠂ ᠳᠤᠮᠳᠠᠳᠤ ᠮᠣᠩᠭᠤᠯ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠣᠷᠣ ᠲᠥᠯᠥᠪ ᠤᠨ ᠳᠣᠲᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠣᠩᠭᠤᠯ ᠤᠯᠤᠰ ᠯᠤᠭ᠎ᠠ ᠨᠥᠬᠦᠷᠰᠡᠭ ᠶᠠᠪᠤᠯᠴᠠᠭ᠎ᠠ ᠪᠠᠨ ᠢᠳᠡᠪᠬᠢᠲᠡᠶ ᠴᠢᠩᠭᠠᠳᠬᠠᠵᠤ᠂ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠡᠯ᠎ᠡ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠪᠠᠶᠢᠳᠠᠯ ᠳᠣᠣᠷ᠎ᠠ᠂ ᠬᠤᠶᠠᠷ ᠲᠠᠯ᠎ᠠ ᠪᠠᠷ ᠢᠶᠠᠨ ᠨᠢᠭᠲᠠ ᠨᠡᠪᠲᠡᠷᠡᠯᠴᠡᠬᠦ ᠪᠠᠨ ᠪᠠᠲᠤᠯᠠᠵᠤ᠂ ᠢᠳᠡᠪᠬᠢᠲᠡᠢ ᠦᠷ᠎ᠡ ᠪᠦᠲᠦᠮᠵᠢ ᠣᠯᠤᠯ᠎ᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠤᠯᠠᠮ ᠴᠢᠨᠠᠭᠰᠢᠳᠠ ᠪᠠᠬᠢᠵᠢᠭᠦᠯᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠳ᠋ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠵᠡᠷᠭᠡ ᠠᠵᠢᠯ ᠤᠳ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠤᠶᠠᠷ ᠲᠠᠯ᠎ᠠ ᠳᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠲᠠᠰᠤᠷᠠᠯᠳᠠ ᠦᠭᠡᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
      ᠪᠠᠳᠠᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠣᠩᠭᠤᠯ ᠳᠤᠮᠳᠠᠳᠤ ᠬᠤᠶᠠᠷ ᠤᠯᠤᠰ ᠤᠨ ᠬᠠᠷᠢᠯᠴᠠᠭ᠎ᠠ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠂ ᠬᠢᠯᠢ ᠶᠢᠨ ᠪᠣᠭᠤᠮᠲᠠ ᠪᠠᠷ ᠥᠩᠭᠡᠷᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠭᠦᠷᠡᠰᠦ᠂ ᠴᠦᠯᠯᠡᠷᠭᠡᠭᠵᠢᠯ ᠢ ᠵᠠᠰᠠᠬᠤ ᠪᠠ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠬᠦᠷᠢᠶᠡᠨ ᠳᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ  ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃
      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ