ᠬᠤᠸᠠᠩ ᡁᠢ ᠴᠢᠶᠠᠩ ᠤᠷᠳᠤᠰ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠴᠢᠬᠤᠯᠠᠴᠢᠯᠠᠭᠰᠠᠨ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2021/10/12

      10 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠣᠷᠳᠣᠰ ᠬᠤᠲᠠ ᠳᠤ ᠭᠦᠨᠵᠡᠭᠡᠶᠢᠷᠡᠨ ᠰᠤᠶᠤᠯ ᠪᠠ ᠵᠢᠭᠤᠯᠴᠢᠯᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃
      ᠬᠤᠸᠠᠩ ᡁᠢ ᠴᠢᠶᠠᠩ ᠵᠢᠭᠠᠵᠤ ᠭᠠᠷᠭᠠᠭᠰᠠᠨ ᠨᠢ᠂ ᠤᠷᠳᠤᠰ ᠲᠤ ᠵᠢᠭᠤᠯᠵᠢᠯᠠᠯ ᠤᠨ ᠦᠢᠯᠡᠰ ᠢ ᠬᠥᠭᠵᠢᠭᠦᠯᠬᠦ ᠥᠪᠡᠷᠮᠢᠴᠡ ᠳᠠᠪᠠᠭᠤᠯᠢᠭ ᠪᠠ ᠰᠠᠶᠢᠨ ᠰᠠᠭᠤᠷᠢ ᠲᠠᠢ ᠶᠤᠮ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠭᠤᠯᠴᠢᠯᠠᠯ ᠤᠨ ᠦᠢᠯᠡᠰ ᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠵᠢᠭᠤᠯᠴᠢᠯᠠᠯ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃
      ᠬᠤᠸᠠᠩ ᡁᠢ ᠴᠢᠶᠠᠩ ᠱᠠᠭᠠᠷᠳᠠᠭᠰᠠᠨ ᠨᠢ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠬᠡᠷ ᠭᠠᠵᠠᠷ ᠬᠦᠷᠦᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠣᠯᠠᠨ ᠲᠦᠮᠡᠨ ᠤ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠬᠡᠷᠡᠭᠲᠡᠶ᠃ ᠠᠵᠤ ᠠᠬᠤᠶᠢᠯᠠᠯ ᠤᠨ ᠪᠠᠷᠢᠯᠭ᠎ᠠ ᠶᠢᠨ ᠠᠵᠢᠯ ᠤᠨ ᠳᠤᠮᠳᠠᠬᠢ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠲᠥᠯᠥᠪᠵᠢᠭᠦᠯᠭᠡ ᠶᠢᠨ ᠪᠣᠭᠤᠮᠲᠠ ᠪᠣᠯᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠬᠤᠳᠠ ᠯᠤᠭ᠎ᠠ ᠠᠭᠤᠰᠤᠯᠴᠠᠭᠰᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠣᠳᠣᠨ ᠣᠷᠣᠨ ᠰᠠᠭᠤᠴᠠ ᠶᠢ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠦᠨᠡᠨ ᠬᠦ ᠰᠡᠷᠭᠡᠶᠢᠯᠡᠬᠦ ᠬᠡᠷᠡᠭᠲᠡᠢ ᠭᠡᠵᠡᠢ᠃
      ᠬᠤᠸᠠᠩ ᡁᠢ ᠴᠢᠶᠠᠩ ᠴᠢᠬᠤᠯᠠᠴᠢᠯᠠᠭᠰᠠᠨ ᠨᠢ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠷᠢᠮ ᠤᠨ ᠪᠠᠲᠤᠯᠠᠭ᠎ᠠ ᠶᠢᠨ ᠪᠠᠶᠢᠭᠤᠯᠤᠯᠲᠠ ᠶᠢ ᠪᠦᠷᠢᠨᠰᠢᠭᠦᠯᠵᠦ᠂ ᠰᠢᠨ᠎ᠡ ᠶᠢ ᠡᠭᠦᠳᠬᠦ ᠰᠣᠶᠣᠯ ᠤᠨ ᠣᠷᠴᠢᠨ ᠲᠣᠭᠤᠷᠢᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢ ᠴᠢᠩᠭᠠᠷᠠᠭᠤᠯᠤᠨ᠂ ᠡᠯ᠎ᠡ ᠲᠥᠷᠥᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠬᠠᠪᠰᠤᠷᠤᠨ ᠤᠯᠤᠰ ᠤᠨ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠶ ᠭᠡᠵᠡᠢ᠃


 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ