ᠮᠠᠨ ᠤ ᠣᠷᠣᠨ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠷᠭ᠎ᠠ ᠪᠠᠨ ᠰᠢᠯᠢᠳᠡᠭᠵᠢᠭᠦᠯᠵᠦ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2021/10/12
      10 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠮᠠᠨ ᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠷᠭ᠎ᠠ ᠪᠠᠨ ᠰᠢᠯᠢᠳᠡᠭᠵᠢᠭᠦᠯᠬᠦ᠂ ᠬᠠᠤᠯᠢ ᠬᠡᠷᠡᠭᠵᠢᠭᠦᠯᠬᠦ ᠦᠢᠯᠡᠳᠦᠯ ᠢ ᠳᠡᠭᠡᠭᠰᠢᠯᠡᠭᠦᠯᠬᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠭᠰᠡᠨ ᠬᠤᠯᠪᠣᠭᠳᠠᠯ ᠪᠥᠬᠦᠶ ᠪᠠᠶᠢᠳᠠᠯ ᠢ ᠭᠤᠤᠯᠳᠠᠯᠭ᠎ᠠ ᠲᠠᠢ ᠲᠠᠨᠢᠯᠴᠠᠭᠤᠯᠤᠭᠰᠠᠨ ᠤ ᠬᠠᠮᠲᠤ᠂ ᠨᠡᠶᠢᠲᠡᠯᠡᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠲᠦᠷᠢᠮ ᠤᠨ ᠲᠤᠬᠠᠶ ᠲᠠᠶᠢᠯᠤᠮᠵᠢ ᠬᠢᠪᠡ᠃      ᠡᠨᠡ ᠵᠢᠯ ᠬᠢᠵᠠᠭᠠᠷ ᠲᠠᠢ ᠬᠠᠤᠯᠢ ᠬᠡᠷᠡᠭᠵᠢᠭᠦᠯᠬᠦ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ᠠᠵᠤ ᠠᠬᠤᠶᠢᠯᠠᠯ ᠳᠤ ᠬᠠᠷᠰᠢ ᠰᠠᠭᠠᠳ ᠤᠴᠠᠷᠠᠭᠤᠯᠬᠤ ᠪᠠᠨ ᠪᠠᠭᠠᠰᠬᠠᠭᠰᠠᠨ ᠤᠷᠢᠲᠠᠯ ᠳᠣᠣᠷ᠎ᠠ ᠬᠠᠤᠯᠢ ᠬᠡᠷᠡᠭᠵᠢᠭᠦᠯᠬᠦ ᠦᠢᠯᠡᠳᠦᠯ ᠢᠶᠠᠨ ᠳᠡᠭᠡᠭᠰᠢᠯᠡᠭᠦᠯᠵᠦ᠂ ᠤᠨᠢᠨ ᠳᠡᠭᠡᠷ᠎ᠡ ᠨᠢ ᠬᠠᠤᠯᠢ ᠬᠡᠷᠡᠭᠵᠢᠭᠦᠯᠬᠦ ᠶᠢ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠶᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠤ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾ ᠶᠢ ᠬᠡᠷᠡᠭᠯᠡᠬᠦ ᠶᠢ ᠠᠬᠢᠭᠤᠯᠵᠤ᠂ ᠭᠤᠣᠯᠳᠠᠯᠭ᠎ᠠ ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢᠨ ᠪᠣᠬᠢᠷᠲᠤᠯ ᠤᠨ ᠢᠷᠡᠯᠲᠡ ᠶᠢᠨ ᠠᠦ᠋ᠲ᠋ᠣ᠋ ᠬᠢᠨᠠᠨ ᠡᠵᠡᠮᠳᠡᠬᠦ ᠰᠢᠰᠲ᠋ᠧᠮ ᠢᠶᠠᠷ ᠰᠠᠭᠤᠷᠢᠯᠠᠭᠰᠠᠨ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢᠨ ᠠᠯᠤᠰ ᠠᠴᠠ ᠬᠠᠤᠯᠢ ᠬᠡᠷᠡᠭᠵᠢᠭᠦᠯᠬᠦ ᠰᠢᠰᠲ᠋ᠧᠮ ᠢ ᠪᠠᠶᠢᠭᠤᠯᠵᠤ᠂ ︽ᠬᠡᠷᠡᠭ ᠤᠨ ᠡᠮᠦᠨ᠎ᠡ ᠰᠡᠷᠡᠮᠵᠢᠯᠡᠭᠦᠯᠬᠦ᠂ ᠬᠡᠷᠡᠭ ᠤᠨ ᠳᠤᠮᠳᠠ ᠬᠢᠨᠠᠨ ᠬᠠᠮᠢᠶᠠᠷᠬᠤ᠂ ᠬᠡᠷᠡᠭ ᠤᠨ ᠲᠠᠷᠠᠭ᠎ᠠ ᠬᠠᠤᠯᠢ ᠬᠡᠷᠡᠭᠵᠢᠭᠦᠯᠬᠦ︾ ᠬᠢᠨᠠᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠦᠷᠢᠯᠳᠦᠭᠦᠯᠪᠡ᠃ ᠣᠳᠣᠬᠠᠨ ᠳᠤ᠂ ᠣᠷᠳᠣᠰ ᠬᠤᠲᠠ᠂ ᠤᠯᠠᠭᠠᠨᠴᠠᠪ ᠬᠤᠲᠠ᠂ ᠪᠤᠭᠤᠲᠤ ᠬᠤᠲᠠ᠂ ᠦᠬᠠᠶ ᠬᠤᠲᠠ ᠵᠡᠷᠭᠡ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠢ ᠥᠯᠥ ᠬᠠᠷᠰᠢᠯᠠᠬᠤ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢ ᠡᠳᠦᠷ ᠲᠤᠲᠤᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠴᠢᠬᠤᠯᠠ ᠠᠷᠭ᠎ᠠ ᠪᠠᠷᠢᠯ ᠤᠨ ᠨᠢᠭᠡ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠰᠢᠨ᠎ᠡ ᠵᠠᠭᠪᠤᠷ᠂ ᠰᠢᠨ᠎ᠡ ᠰᠡᠳᠬᠢᠮᠵᠢ ᠬᠠᠩᠭᠠᠵᠤ᠂ ᠲᠤᠭ᠎ᠠ ᠪᠠᠷᠢᠮᠲᠠ ᠶᠢ ᠢᠯᠡᠭᠦᠬᠡᠨ ︽ᠭᠦᠶᠦᠯᠭᠡᠵᠦ︾᠂ ᠬᠠᠤᠯᠢ ᠬᠡᠷᠡᠭᠵᠢᠭᠦᠯᠬᠦ ᠠᠵᠢᠯᠲᠠᠨ ᠢ ᠳᠤᠲᠠᠭᠤ ᠭᠦᠶᠦᠯᠭᠡᠭᠡᠳ᠂ ᠠᠵᠤ ᠠᠬᠤᠶᠢᠯᠠᠯ ᠤᠨ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠪᠠ᠃      ᠡᠭᠦᠨ ᠠᠴᠠ ᠭᠠᠳᠠᠨ᠎ᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠨᠢᠳᠤᠨᠤᠨ ᠤ ᠲᠣᠭᠲᠠᠭᠠᠵᠤ ᠳᠠᠷᠤᠮᠠᠯᠯᠠᠨ ᠲᠠᠷᠬᠠᠭᠠᠭᠰᠠᠨ ︽ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠶᠢᠨ ᠨᠠᠷᠢᠨ ᠳᠠᠩᠰᠠ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ︾ ᠤᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠨᠠᠷᠢᠨ ᠳᠠᠩᠰᠠ ᠶᠢᠨ ᠠᠭᠤᠯᠭ᠎ᠠ ᠶᠢ ᠤᠯᠠᠮ ᠨᠠᠷᠢᠯᠢᠬᠵᠢᠭᠤᠯᠵᠤ᠂ ᠥᠩᠭᠡᠷᠡᠭᠰᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠤ ᠪᠠᠴᠢᠮ ᠬᠡᠷᠡᠭᠴᠡᠭᠡ ᠲᠠᠢ ᠪᠠᠶᠢᠭᠰᠠᠨ ᠡᠮᠴᠢᠯᠡᠭᠡ ᠡᠷᠡᠭᠦᠯ ᠬᠠᠮᠠᠭᠠᠯᠠᠯ ᠵᠢᠴᠢ ᠡᠳ᠋ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠭᠤᠣᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ᠂ ᠪᠣᠬᠢᠷᠲᠤᠯ ᠢᠶᠠᠷ ᠪᠠᠭ᠎ᠠ ᠮᠥᠷᠲᠡᠭᠡᠨ ᠠᠵᠢᠯ ᠣᠯᠭᠤᠯᠲᠠ ᠶᠢ ᠰᠢᠩᠭᠡᠭᠡᠨ ᠠᠪᠬᠤ ᠴᠢᠳᠠᠪᠤᠷᠢ ᠪᠠᠷ ᠴᠢᠩᠭ᠎ᠠ ᠠᠵᠢᠯ ᠲᠦᠷᠦᠯ ᠤᠨ ᠠᠵᠤ ᠠᠬᠤᠶᠢᠯᠠᠯ᠂ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ᠂ ᠭᠤᠣᠯᠳᠠᠯᠭ᠎ᠠ ᠲᠠᠢ ᠬᠦᠷᠢᠶᠡᠨ ᠤ ᠠᠵᠤ ᠠᠬᠤᠶᠢᠯᠠᠯ᠂ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠨᠢᠭᠡᠨᠲᠡ ᠤᠭᠰᠠᠷᠠᠭᠰᠠᠨ ᠪᠤᠰᠤᠳ ᠠᠵᠤ ᠠᠬᠤᠶᠢᠯᠠᠯ ᠵᠡᠷᠭᠡ ᠨᠡᠶᠢᠳᠡ 6 ᠲᠦᠷᠦᠯ ᠢ ᠵᠥᠪ ᠲᠠᠯ᠎ᠠ ᠶᠢᠨ ᠨᠠᠷᠢᠨ ᠲᠠᠩᠰᠠ ᠶᠢᠨ ᠲᠥᠷᠥᠯ ᠳᠤ ᠣᠷᠣᠭᠤᠯᠵᠤ᠂ 7 ᠲᠦᠷᠦᠯ ᠪᠣᠯᠭᠠᠨ ᠨᠡᠮᠡᠭᠳᠡᠭᠦᠯᠪᠡ᠃ ᠵᠥᠪ ᠲᠠᠯ᠎ᠠ ᠶᠢᠨ ᠨᠠᠷᠢᠨ ᠲᠠᠩᠰᠠ ᠳᠣᠲᠣᠷᠠᠬᠢ ᠠᠵᠤ ᠠᠬᠤᠶᠢᠯᠠᠯ ᠳᠤ ᠵᠠᠷᠴᠢᠮ ᠳᠡᠭᠡᠷ᠎ᠡ ᠪᠠᠨ ᠵᠥᠪᠬᠡᠨ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠵᠣᠬᠢᠬᠤ ᠬᠤᠭᠤᠴᠠᠭᠠᠨ ᠳᠣᠲᠣᠷ᠎ᠠ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠠᠴᠠ ᠭᠡᠯᠳᠦᠷᠢᠭᠦᠯᠵᠦ᠂ ᠵᠥᠪ ᠴᠢᠭᠯᠡᠯ ᠢᠶᠠᠷ ᠤᠷᠮᠠᠰᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠶᠢ ᠵᠥᠷᠢᠴᠡᠭᠰᠡᠨ ᠬᠥᠩᠭᠡᠪᠲᠦᠷ ᠠᠵᠢᠯᠯᠠᠭ᠎ᠠ ᠶᠢ ᠲᠣᠷᠭᠠᠬᠤ ᠠᠴᠠ ᠭᠡᠯᠳᠦᠷᠢᠭᠦᠯᠵᠦ᠂ ᠤᠬᠠᠮᠰᠠᠷ ᠠᠴᠠ ᠪᠠᠨ ᠬᠠᠤᠯᠢ ᠰᠠᠬᠢᠳᠠᠭ ᠠᠵᠤ ᠠᠬᠤᠶᠢᠯᠠᠯ ᠳᠤ ᠠᠰᠢᠭ ᠬᠦᠷᠲᠡᠭᠡᠬᠦ ᠪᠣᠯᠭᠠᠵᠠᠢ᠃ ᠪᠦᠷᠢᠳᠬᠡᠯ ᠢ ᠦᠨᠳᠦᠰᠦᠯᠡᠪᠡᠯ᠂ 2020 ᠣᠨ ᠠᠴᠠ ᠨᠠᠭᠠᠰᠢ᠂ ᠪᠦᠬᠦ ᠣᠷᠣᠨ ᠳᠤ ᠤᠷᠢᠳ ᠬᠤᠵᠢᠳ ᠨᠡᠶᠢᠳᠡ 1525 ᠠᠵᠤ ᠠᠬᠤᠶᠢᠯᠠᠯ ᠢ ᠵᠥᠪ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠳᠤ ᠣᠷᠣᠭᠤᠯᠵᠤ᠂ ᠡᠯ᠎ᠡ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠨᠠᠷᠢᠨ ᠲᠠᠩᠰᠠ ᠳᠣᠲᠣᠷᠠᠬᠢ ᠠᠵᠤ ᠠᠬᠤᠶᠢᠯᠠᠯ ᠤᠨ ᠲᠤᠬᠠᠢ ᠶᠢᠨ ᠲᠠᠯᠠᠪᠠᠢ ᠶᠢᠨ ᠪᠤᠰᠤ ᠠᠷᠭ᠎ᠠ ᠪᠠᠷ ᠢᠯᠡᠷᠡᠭᠦᠯᠦᠭᠰᠡᠨ 214 ᠠᠰᠠᠭᠤᠳᠠᠯ ᠢ ᠪᠦᠬᠦᠨ ᠢ ᠠᠵᠤ ᠠᠬᠤᠶᠢᠯᠠᠯ ᠳᠤ ᠴᠠᠭ ᠲᠤᠬᠠᠢ ᠳᠤ ᠨᠢ ᠮᠡᠳᠡᠭᠳᠡᠵᠦ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠪᠡ᠃      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠪᠠᠰᠠ ᠤᠯᠠᠨ ᠵᠦᠢᠯ ᠤᠨ ᠲᠦᠷᠢᠮ ᠲᠣᠭᠲᠠᠭᠠᠵᠤ᠂ ᠪᠦᠬᠦ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠵᠢᠯ ᠳᠤ ᠴᠢᠭᠯᠡᠯᠳᠤ ᠴᠢᠨᠠᠷ᠂ ᠬᠠᠨᠳᠤᠯᠭᠠᠲᠤ ᠴᠢᠨᠠᠷ᠂ ᠠᠵᠢᠯᠯᠠᠬᠤᠶᠢᠴᠠ ᠴᠢᠨᠠᠷ ᠢᠶᠠᠷ ᠴᠢᠩᠭ᠎ᠠ ᠠᠵᠢᠯ ᠤᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠳᠤᠷᠠᠳᠴᠠᠢ᠃ ᠵᠢᠱᠢᠶᠡᠯᠡᠪᠡᠯ᠂ ᠣᠷᠣᠨ ᠪᠦᠰᠡ ᠶᠢᠨ ᠰᠣᠯᠪᠢᠴᠠᠯ ᠪᠠᠶᠢᠴᠠᠭᠠᠯᠲᠠ ᠶᠢᠨ ᠲᠦᠷᠢᠮ ᠢ ᠪᠠᠶᠢᠭᠤᠯᠤᠨ ᠬᠡᠷᠡᠭᠵᠢᠭᠦᠯᠬᠦ ᠪᠠᠷ ᠳᠠᠮᠵᠢᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢ ᠨᠢᠭᠡᠳᠦᠯᠲᠡᠶ ᠳᠣᠭᠢᠷᠠᠭᠤᠯᠬᠤ ᠶᠢ ᠪᠡᠶᠡᠯᠡᠭᠦᠯᠦᠨ᠎ᠡ︔ ᠲᠤᠰᠬᠠᠶ ᠬᠡᠷᠡᠭ ᠢ ᠪᠠᠶᠢᠴᠠᠭᠠᠨ ᠰᠢᠢᠳᠪᠦᠷᠢᠯᠡᠬᠦ ᠲᠦᠷᠢᠮ ᠢ ᠪᠠᠶᠢᠭᠤᠯᠤᠨ ᠬᠡᠷᠡᠭᠵᠢᠭᠦᠯᠬᠦ ᠪᠠᠷ ᠳᠠᠮᠵᠢᠭᠤᠯᠤᠨ᠂ ᠬᠡᠷᠡᠭ ᠤᠨ ᠪᠠᠶᠢᠳᠠᠯ ᠬᠦᠨᠳᠦ ᠶᠡᠭᠡ᠂ ᠨᠥᠯᠥᠭᠡ ᠮᠠᠭᠤ᠂ ᠦᠷ᠎ᠡ ᠳ᠋ᠦᠩ ᠨᠢ ᠬᠦᠨᠳᠦ ᠨᠣᠴᠢᠲᠠᠶ ᠠᠮᠢ ᠠᠬᠤᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠬᠡᠷᠡᠭ ᠢ ᠲᠤᠰᠬᠠᠶ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠶᠢ ᠪᠡᠶᠡᠯᠡᠭᠦᠯᠪᠡ︔ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠪᠥᠬᠦ ᠣᠷᠣᠨ ᠤ ᠴᠢᠨᠠᠷᠲᠠᠶ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠱᠠᠩᠨᠠᠯ ᠲᠠᠢ ᠢᠯᠡᠴᠢᠯᠡᠨ ᠮᠡᠳᠡᠭᠦᠯᠬᠦ ᠠᠩᠬᠠᠳᠠᠭᠴᠢ ᠠᠷᠭ᠎ᠠ ᠶᠢ ᠪᠣᠶ ᠪᠣᠯᠭᠠᠵᠤ᠂ ᠣᠷᠴᠢᠨ ᠲᠣᠭᠤᠷᠢᠨ ᠤ ᠪᠣᠬᠢᠷᠲᠤᠯ ᠳᠤ ᠬᠤᠯᠪᠣᠭᠳᠠᠬᠤ ᠶᠠᠯᠠᠲᠤ ᠠᠵᠢᠯᠯᠠᠭ᠎ᠠ ᠵᠢᠴᠢ ᠪᠤᠰᠤᠳ ᠳᠠᠯᠳᠠ ᠪᠠᠶᠢᠭ᠎ᠠ᠂ ᠡᠳᠦᠷ ᠲᠤᠲᠤᠮ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠳᠤᠮᠳᠠ ᠢᠯᠡᠷᠡᠭᠦᠯᠬᠦ ᠳᠤ ᠪᠡᠷᠬᠡᠲᠡᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠱᠠᠩᠨᠠᠯ ᠲᠠᠢ ᠢᠯᠡᠴᠢᠯᠡᠨ ᠮᠡᠳᠡᠭᠦᠯᠬᠦ ᠶᠢ ᠬᠡᠷᠡᠭᠵᠢᠭᠦᠯᠪᠡ︔ ᠬᠠᠤᠯᠢ ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠵᠢᠯᠣᠭᠤᠳᠬᠤ ᠲᠦᠷᠢᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠪᠡ᠃ ᠡᠨᠡ ᠵᠢᠯ ᠠᠴᠠ ᠨᠠᠭᠠᠰᠢ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠷᠢᠳ ᠬᠤᠵᠢᠳ 12 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠨᠢᠭᠡᠨᠲᠡ ᠨᠡᠶᠢᠲᠡᠯᠡᠭᠰᠡᠨ ᠡᠯ᠎ᠡ ᠲᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠬᠠᠮᠲᠤ᠂ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠶᠢᠨ ᠨᠠᠷᠢᠯᠢᠭ ᠣᠨᠣᠪᠴᠢᠲᠤ ᠴᠢᠨᠠᠷ ᠢ ᠴᠢᠩᠭᠠᠳᠬᠠᠵᠤ᠂ ᠳᠠᠪᠬᠤᠷᠳᠠᠭᠤᠯᠤᠨ ᠪᠠᠶᠢᠴᠠᠭᠠᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠪᠠᠰᠠ ᠠᠮᠢ ᠠᠬᠤᠢ ᠣᠷᠴᠢᠨ ᠲᠣᠭᠤᠷᠢᠨ ᠤ ᠰᠢᠢᠳᠬᠡᠯ ᠤᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠲᠤᠬᠠᠶ ᠲᠣᠭᠲᠠᠭᠠᠯ ᠢ ᠲᠣᠭᠲᠠᠭᠠᠨ ᠨᠡᠶᠢᠲᠡᠯᠡᠵᠦ᠂ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ᠂ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠶᠢ ᠴᠢᠬᠤᠯᠠᠴᠢᠯᠠᠵᠤ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠬᠥᠨᠥᠭᠡᠯᠲᠦ ᠦᠷ᠎ᠡ ᠳ᠋ᠦᠩ ᠢ ᠰᠠᠨᠠᠭᠠᠴᠢᠯᠠᠭ᠎ᠠ ᠠᠴᠠ ᠪᠠᠨ ᠠᠷᠢᠯᠭᠠᠭᠰᠠᠨ ᠪᠤᠶᠤ ᠬᠥᠩᠭᠡᠷᠡᠭᠦᠯᠦᠭᠰᠡᠨ ᠪᠠᠶᠢᠪᠠᠯ᠂ ᠬᠠᠤᠯᠢ ᠶᠣᠰᠣᠭᠠᠷ ᠬᠥᠩᠭᠡᠨ ᠢᠶᠠᠷ ᠰᠢᠢᠳᠬᠡᠬᠦ᠂ ᠬᠥᠩᠭᠡᠷᠡᠭᠦᠯᠦᠨ ᠰᠢᠢᠳᠬᠡᠬᠦ ᠪᠤᠶᠤ ᠰᠢᠢᠳᠬᠡᠯ ᠠᠴᠠ ᠭᠡᠯᠳᠦᠷᠢᠭᠦᠯᠬᠦ ᠪᠠᠶᠢᠳᠠᠯ ᠢ ᠲᠣᠳᠣᠷᠬᠠᠶ ᠲᠣᠭᠲᠠᠭᠠᠵᠤ᠂ ᠬᠠᠤᠯᠢ ᠬᠡᠷᠡᠭᠵᠢᠭᠦᠯᠬᠦ ᠲᠦᠷᠢᠮ ᠤᠨ ᠶᠠᠪᠤᠴᠠ ᠶᠢ ᠪᠥᠬᠦ ᠲᠠᠯ᠎ᠠ ᠪᠠᠷ ᠵᠢᠷᠤᠮᠵᠢᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ