︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/12
      ᠨᠢᠭᠡ᠂ ᠲᠥᠯᠥᠪᠵᠢᠭᠦᠯᠭᠡ ᠶᠢᠨ ᠭᠤᠣᠯ ᠠᠭᠤᠯᠭ᠎ᠠ      ︵ᠨᠢᠭᠡ︶ ᠭᠤᠣᠯ ᠬᠠᠷᠠᠯᠲᠠ      ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠳ᠋ᠦᠩᠨᠡᠵᠦ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠰᠤᠨ ᠠᠰᠢᠭᠯᠠᠯᠲᠠ ᠶᠢᠨ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠪᠠ ᠵᠥᠷᠢᠶ᠎ᠡ ᠶᠢ ᠣᠨᠣᠪᠴᠢᠲᠠᠶ ᠡᠵᠡᠮᠰᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠬᠥᠭᠵᠢᠯᠲᠡ ᠶᠢᠨ ᠬᠠᠷᠠᠯᠲᠠ ᠭᠦᠶᠴᠡᠳᠬᠡᠯ ᠲᠤᠭ᠎ᠠ ᠶᠢ ᠵᠦᠶ ᠵᠣᠬᠢᠰᠲᠠᠶ ᠲᠣᠭᠲᠠᠭᠠᠨ᠎ᠠ᠃ 2025 ᠣᠨ ᠪᠣᠯᠬᠤ ᠳᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠳᠤ ᠵᠣᠬᠢᠴᠠᠭᠰᠠᠨ ᠦᠶᠡᠷ ᠤᠨ ᠭᠠᠮᠰᠢᠭ ᠭᠠᠩ ᠤᠨ ᠭᠠᠮᠰᠢᠭ ᠢ ᠰᠡᠷᠭᠡᠶᠢᠯᠡᠨ ᠬᠤᠷᠢᠭᠯᠠᠬᠤ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠵᠢᠴᠢ ᠰᠢᠯᠢᠳᠡᠭᠵᠢᠭᠦᠯᠦᠨ ᠳᠣᠭᠢᠷᠠᠭᠤᠯᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠭᠤᠤᠯ ᠨᠠᠭᠤᠷ ᠤᠨ ᠠᠮᠤᠷ ᠲᠥᠪᠰᠢᠨ ᠤ ᠪᠠᠲᠤᠯᠠᠭ᠎ᠠ᠂ ᠤᠰᠤ ᠲᠠᠢ ᠬᠤᠯᠪᠣᠭᠳᠠᠭᠰᠠᠨ ᠶᠠᠪᠤᠳᠠᠯ ᠤᠳ  ᠤᠨ ᠬᠢᠨᠠᠯᠲᠠ ᠬᠠᠮᠢᠶᠠᠷᠤᠯᠲᠠ ᠵᠡᠷᠭᠡ ᠳᠥᠷᠪᠡᠨ ᠶᠡᠭᠡ ᠲᠣᠭᠲᠠᠯᠴᠠᠭ᠎ᠠ ᠶᠢ ᠦᠨᠳᠦᠰᠦᠨ ᠳᠤ ᠨᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠳᠤ ᠨᠠᠩ ᠪᠠᠲᠤ ᠪᠠᠬᠢ ᠤᠰᠤᠨ ᠠᠰᠢᠭᠯᠠᠯᠲᠠ ᠶᠢᠨ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃ ᠭᠤᠤᠯ ᠬᠠᠷᠠᠯᠲᠠ ᠪᠣᠯ᠄ 2025 ᠣᠨ ᠪᠣᠯᠬᠤ ᠳᠤ ᠪᠥᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 223.91 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢᠶᠠᠷ ᠬᠢᠵᠠᠭᠠᠷᠯᠠᠨ᠎ᠠ︔ 2015 ᠣᠨ ᠤ ᠥᠯᠥ ᠬᠤᠪᠢᠰᠬᠤ ᠦᠨ᠎ᠡ ᠪᠠᠷ ᠪᠤᠳᠤᠪᠠᠯ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠶᠯᠡᠳᠪᠦᠷᠢᠯᠡᠯ ᠤᠨ ᠶᠡᠷᠦᠩᠬᠡᠢ ᠥᠷᠲᠡᠭ  ᠤᠨ ᠤᠰᠤ ᠬᠡᠷᠡᠭᠯᠡᠬᠦ ᠬᠡᠮᠵᠢᠶ᠎ᠡ ᠶᠢ 2025 ᠣᠨ ᠪᠣᠯᠬᠤ ᠳᠤ 2020 ᠣᠨ ᠤ ᠬᠢ ᠠᠴᠠ 16% ᠪᠠᠷ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2025 ᠣᠨ ᠪᠤᠯᠬᠤ ᠳᠤ 2020 ᠣᠨ ᠤ ᠬᠢ ᠠᠴᠠ 10% ᠪᠠᠷ ᠪᠠᠭᠤᠷᠠᠭᠤᠯᠤᠨ᠎ᠠ︔ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.579 ᠪᠣᠯᠭᠠᠨ᠎ᠠ︔ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠡᠯᠲᠡ ᠶᠢᠨ ᠨᠤᠷᠮ᠎ᠠ ᠶᠢ 82% ᠲᠤ ᠬᠦᠷᠦᠭᠦᠯᠵᠦ᠂ ᠬᠥᠳᠡᠭᠡ ᠲᠣᠰᠬᠤᠨ ᠤ ᠲᠥᠪᠯᠡᠷᠡᠩᠭᠦᠢ ᠮᠠᠶ᠋ᠢᠭ ᠤᠨ ᠤᠰᠤ ᠬᠠᠩᠭᠠᠬᠤ ᠬᠥᠮᠦᠨ ᠠᠮᠠ  ᠶᠢᠨ ᠬᠠᠷᠢᠴᠠᠯ ᠢ 85% ᠪᠣᠯᠭᠠᠨ᠎ᠠ︔ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠲᠠᠯᠠᠪᠠᠢ ᠶᠢ 3.33 ᠲᠦᠮᠡᠨ ᠲᠡᠭᠰᠢ ᠳᠥᠷᠪᠡᠯᠵᠢᠨ ᠺᠢᠯᠣᠮᠧᠲᠷ ᠰᠢᠨ᠎ᠡ ᠪᠠᠷ ᠨᠡᠮᠡᠭᠳᠡᠭᠦᠯᠦᠨ᠎ᠡ᠃      ︵ᠬᠤᠶᠠᠷ︶ ᠭᠤᠣᠯ ᠡᠭᠦᠷᠭᠡ      1᠂ ᠭᠤᠤᠯ ᠮᠥᠷᠡᠨ ᠤ ᠶᠡᠷᠦᠩᠬᠡᠶᠢᠯᠡᠭᠰᠡᠨ ᠦᠶᠡᠷ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠦᠶᠡᠷ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠢ ᠦᠷᠭᠦᠯᠵᠢᠯᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠬᠠᠲᠤᠨ ᠭᠤᠤᠯ  ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠳᠤᠮᠳᠠ ᠪᠠᠭ᠎ᠠ ᠬᠡᠪᠴᠢᠶᠡᠨ ᠤ ᠭᠤᠣᠯ ᠮᠥᠷᠡᠨ ᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠤᠭᠤᠳ ᠢ ᠲᠦᠷᠭᠡᠳᠬᠡᠵᠦ᠂ ᠵᠠᠰᠠᠬᠤ ᠭᠤᠣᠯ ᠤᠨ ᠬᠡᠰᠡᠭ ᠢ ᠲᠥᠯᠥᠪᠵᠢᠭᠦᠯᠭᠡ ᠳᠤ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠳᠤ ᠦᠨᠳᠦᠰᠦᠨ ᠳᠤ ᠨᠢ ᠬᠦᠷᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ 1491km ᠰᠢᠨ᠎ᠡ ᠪᠠᠷ ᠵᠠᠰᠠᠨ᠎ᠠ᠃ ᠬᠥᠨᠳᠡᠯᠡᠨ᠂ ᠪᠠᠲᠤ ᠶᠢᠨ ᠲᠣᠬᠤᠢ᠂ ᠬᠠᠩᠭᠠᠯ ᠵᠡᠷᠭᠡ 3 ᠲᠣᠮᠣ ᠳᠤᠮᠳᠠ ᠬᠡᠯᠪᠡᠷᠢ ᠶᠢᠨ ᠠᠶᠤᠯ ᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠶᠢ ᠲᠦᠷᠭᠡᠳᠬᠡᠨ ᠬᠡᠷᠡᠭᠵᠢᠭᠦᠯᠵᠦ᠂ ᠡᠯ ᠨᠢᠤ ᠸᠠᠨ᠂ ᠰᠡᠭᠦᠵᠢ ᠶᠢᠨ ᠭᠤᠤ ᠵᠡᠷᠭᠡ 38 ᠪᠠᠭ᠎ᠠ ᠬᠡᠯᠪᠡᠷᠢ ᠶᠢᠨ ᠠᠶᠤᠯ ᠲᠠᠢ ᠴᠥᠭᠦᠷᠥᠮ ᠤᠨ ᠠᠶᠤᠯ  ᠢ ᠠᠷᠢᠯᠭᠠᠨ ᠪᠠᠬᠢᠯᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠤᠰᠤᠨ ᠵᠦᠢ ᠶᠢᠨ ᠬᠢᠨᠠᠨ ᠬᠡᠮᠵᠢᠬᠦ ᠥᠷᠲᠡᠭᠡᠨ ᠲᠣᠣᠷ ᠤᠨ ᠪᠦᠲᠦᠭᠡᠨ ᠪᠠᠶᠢᠭᠤᠯᠤᠯᠲᠠ  ᠶᠢ ᠪᠦᠷᠢᠨᠰᠢᠭᠦᠯᠵᠦ᠂ ᠠᠦ᠋ᠲ᠋ᠣᠴᠢᠯᠠᠭᠰᠠᠨ ᠬᠢᠨᠠᠨ ᠬᠡᠮᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      2᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠢᠨᠵᠧᠨᠧᠷᠢᠩ ᠤᠳ  ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠵᠡᠭᠦᠨ ᠲᠠᠶᠢᠰᠠ᠂ ᠬᠤᠩᠭᠤᠷ᠂ ᠮᠣᠳᠣ᠂  ᠬᠤᠪᠠ ᠶᠢᠨ ᠭᠤᠤ᠂ ᠯᠦᠩᠱᠧᠩ᠂ ᠴᠢ ᠵᠢᠶᠠ ᠶᠢᠩ ᠵᠡᠷᠭᠡ ᠪᠠᠶᠢᠭᠤᠯᠵᠤ ᠪᠠᠶᠢᠭ᠎ᠠ ᠴᠥᠭᠦᠷᠥᠮ ᠤᠨ ᠪᠦᠲᠦᠭᠡᠨ ᠪᠠᠶᠢᠭᠤᠯᠤᠯᠲᠠ ᠨᠤᠭᠤᠳ ᠤᠨ ᠠᠯᠬᠤᠴᠠ ᠶᠢ ᠲᠦᠷᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠦᠲᠦᠭᠡᠨ ᠪᠠᠶᠢᠭᠤᠯᠵᠤ ᠦᠷ᠎ᠡ ᠠᠰᠢᠭ ᠢ ᠨᠢ ᠪᠠᠳᠠᠷᠠᠭᠤᠯᠬᠤ ᠪᠠᠷ ᠴᠢᠷᠮᠠᠶᠢᠵᠤ᠂ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠬᠠᠳᠠᠭᠠᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠭᠠᠭ᠋ᠠᠶ ᠠᠭᠤᠯᠠ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠢᠨᠵᠧᠨᠧᠷᠢᠩ ᠤᠳ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠨᠢᠭᠡ ᠪᠦᠯᠦᠭ ᠴᠢᠬᠤᠯᠠ ᠶᠡᠭᠡ ᠤᠰᠤ ᠵᠠᠯᠠᠵᠤ ᠲᠠᠲᠠᠬᠤ ᠢᠨᠵᠧᠨᠧᠷᠢᠩ ᠤᠳ ᠢ ᠬᠡᠷᠡᠭᠵᠢᠭᠦᠯᠦᠨ᠎ᠡ᠃ ᠴᠤᠤᠯ ᠭᠤᠣᠯ ᠤᠨ ᠤᠰᠤ ᠶᠢ ᠵᠠᠯᠠᠵᠤ ᠯᠢᠶᠣᠤᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠤᠤᠯ ᠭᠤᠣᠯ ᠤᠨ ᠤᠰᠤ ᠶᠢ ᠵᠠᠯᠠᠵᠤ ᠯᠢᠶᠣᠤᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ 1xb ᠤᠰᠤ ᠬᠠᠩᠭᠠᠬᠤ ᠥᠪᠥᠷ ᠮᠣᠩᠭᠤᠯ ᠤᠨ ᠰᠠᠯᠪᠤᠷᠢ ᠱᠤᠭᠤᠮ ᠤᠨ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠢᠨᠵᠧᠨᠧᠷᠢᠩ ᠤᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠨᠤᠨ ᠮᠥᠷᠡᠨ ᠤ ᠤᠰᠤ ᠶᠢ ᠵᠠᠯᠠᠵᠤ ᠰᠢᠯᠢ ᠶᠢᠨ ᠭᠤᠣᠯ ︵ᠬᠤᠤᠯᠢᠨ ᠭᠤᠤᠯ︶ ᠳᠤ ᠨᠡᠮᠡᠷᠢᠯᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠨᠤᠲᠠᠯᠠᠬᠤ ᠠᠵᠢᠯ ᠢ ᠭᠦᠨᠵᠡᠭᠡᠶ ᠰᠠᠶᠢᠲᠤᠷ ᠬᠢᠵᠦ᠂ ᠢᠨᠵᠧᠨᠧᠷᠢᠩ ᠢ ᠲᠦᠷᠭᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠰᠢᠯᠢ ᠶᠢᠨ ᠭᠤᠣᠯ ᠠᠶᠢᠮᠠᠭ ᠵᠢᠴᠢ ᠡᠷᠭᠢᠨ ᠲᠣᠭᠤᠷᠢᠨ ᠤ ᠤᠰᠤ ᠬᠠᠩᠭᠠᠬᠤ ᠠᠮᠤᠷ ᠲᠦᠪᠰᠢᠨ ᠢ ᠪᠠᠲᠤᠯᠠᠨ᠎ᠠ᠃      3᠂ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠣᠷᠣᠲᠣᠬᠤᠶ᠂ ᠳ᠋ᠡᠸ᠋ᠩᠺᠦᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠨᠤᠭᠤᠳ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠤᠰᠤᠯᠠᠬᠤ ᠪᠠ ᠤᠰᠤ ᠲᠠᠲᠠᠷᠠᠭᠤᠯᠬᠤ ᠪᠡᠯᠡᠳᠬᠡᠮᠵᠢ  ᠶᠢᠨ ᠰᠢᠰᠲ᠋ᠧᠮ ᠢ ᠪᠦᠷᠢᠨᠰᠢᠭᠦᠯᠵᠦ᠂ ᠤᠰᠤ ᠳᠠᠮᠵᠢᠭᠤᠯᠬᠤ ᠪᠠ ᠤᠰᠤ ᠲᠦᠭᠡᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠢᠷᠬᠢ ᠪᠠ ᠴᠤᠤᠯ ᠭᠤᠤᠯ ᠤᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠳᠣᠤᠷᠠᠳᠤ ᠤᠷᠤᠰᠬᠠᠯ ᠤᠨ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠪᠠᠷᠢᠯᠭ᠎ᠠ ᠶᠢ ᠲᠦᠷᠭᠡᠳᠬᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠬᠡᠷᠡᠭᠵᠢᠭᠦᠯᠵᠦ᠂ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ᠂ ᠲᠦᠭᠡᠭᠡᠯ ᠤᠰᠤ ᠶᠢ ᠲᠦᠭᠡᠮᠡᠯᠵᠢᠭᠦᠯᠬᠦ ᠨᠣᠷᠮ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠨᠥᠬᠦᠴᠡᠯ ᠢ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃      4᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠭᠤᠤᠯ ᠮᠥᠷᠡᠨ ᠨᠠᠭᠤᠷ ᠴᠥᠭᠦᠷᠥᠮ ᠤᠨ ᠠᠮᠤᠷ ᠲᠥᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤᠨ ᠤ ᠬᠡᠮᠵᠢᠶ᠎ᠡ ᠪᠠᠷ ᠬᠡᠷᠡᠭᠴᠡᠭᠡ ᠶᠢ ᠲᠣᠭᠲᠠᠭᠠᠵᠤ᠂ ᠤᠰᠤᠨ ᠤ ᠬᠡᠮᠵᠢᠶ᠎ᠡ ᠪᠠᠷ ᠬᠡᠷᠡᠭᠯᠡᠨ᠎ᠡ᠃ ᠠᠷᠪᠢᠯᠠᠬᠤ ᠬᠢᠭᠡᠳ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠬᠦ ᠬᠢᠭᠡᠳ ᠵᠠᠰᠠᠵᠤ ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠨ᠂ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠵᠠᠰᠠᠵᠤ ᠰᠡᠷᠭᠦᠭᠡᠬᠦ ᠶᠢ ᠴᠢᠩᠭᠠᠳᠬᠠᠨ᠂ ᠭᠤᠣᠯ ᠨᠠᠭᠤᠷ ᠵᠢᠴᠢ ᠭᠠᠵᠠᠷ ᠳᠣᠣᠷᠠᠬᠢ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ  ᠳᠠᠲᠠᠵᠤ ᠪᠠᠶᠢᠭ᠎ᠠ ᠭᠤᠣᠯᠳᠠᠯᠭ᠎ᠠ  ᠲᠠᠢ ᠣᠷᠣᠨ ᠤᠳ ᠢ ᠪᠦᠲᠦᠮᠵᠢᠲᠡᠶ ᠵᠠᠰᠠᠨ᠎ᠠ᠃ ᠪᠠᠷᠠᠭᠤᠨ ᠯᠢᠶᠣᠤᠾᠧ ᠭᠤᠣᠯ᠂ ᠤᠯᠠᠭᠠᠨᠰᠤᠬᠠᠢ ᠨᠠᠭᠤᠷ᠂ ᠳᠠᠭ᠎ᠠ ᠶᠢᠨ ᠨᠠᠭᠤᠷ᠂ ᠵᠡᠭᠦᠨ ᠰᠤᠪᠨᠠᠭᠤᠷ᠂ ᠬᠠᠷ᠎ᠠ ᠤᠰᠤ ᠨᠠᠭᠤᠷ᠂ ᠳᠠᠯᠠᠢ ᠨᠠᠭᠤᠷ ᠵᠡᠷᠭᠡ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢ ᠲᠦᠯᠬᠢᠨ ᠠᠬᠢᠭᠤᠯᠤᠨ᠎ᠠ︔ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ᠂ ᠬᠥᠲᠥᠯ ᠲᠠᠷᠢᠶᠠᠨ ᠭᠠᠵᠠᠷ᠂ ᠵᠡᠭᠦᠨ ᠬᠤᠶᠢᠲᠤ ᠶᠢᠨ ᠬᠠᠷ᠎ᠠ ᠬᠥᠷᠥᠰᠥᠨ ᠤ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠪᠦᠲᠦᠭᠡᠨ ᠪᠠᠶᠢᠭᠤᠯᠤᠯᠲᠠ ᠨᠤᠭᠤᠳ ᠢ ᠲᠦᠯᠬᠢᠨ ᠠᠬᠢᠭᠤᠯᠵᠤ᠂ ᠬᠠᠲᠤᠨ ᠭᠤᠣᠯ ᠤᠨ ᠠᠷᠪᠠᠨ ᠶᠡᠭᠡ ᠨᠦᠬᠡ ᠶᠢ ᠵᠠᠰᠠᠬᠤ ᠪᠠ ᠬᠠᠲᠤᠨ ᠭᠤᠣᠯ ᠤᠨ ᠡᠯᠡᠰᠦ ᠶᠡᠬᠡᠲᠡᠶ ᠪᠦᠳᠦᠭᠦᠯᠢᠭ ᠡᠯᠡᠰᠦᠷᠬᠡᠭ ᠣᠷᠣᠨ ᠤ ᠲᠥᠪᠯᠡᠷᠡᠩᠭᠦᠶ ᠢᠷᠡᠯᠲᠡ ᠶᠢᠨ ᠣᠷᠣᠨ ᠢ ᠵᠠᠰᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠵᠢᠴᠢ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠥᠷᠨᠢᠭᠦᠯᠦᠨ᠎ᠡ᠃      ︵ᠭᠤᠷᠪᠠ︶ ᠲᠥᠯᠥᠪᠵᠢᠭᠦᠯᠭᠡ ᠶᠢᠨ ᠲᠥᠷᠥᠯ ᠵᠦᠢᠯ ᠤᠨ ᠪᠠᠶᠢᠳᠠᠯ      ᠲᠥᠯᠥᠪᠵᠢᠭᠦᠯᠭᠡ ᠨᠢ ︽ᠦᠨᠡᠨ ᠬᠦ ᠬᠡᠷᠡᠭᠴᠡᠭᠡ ᠲᠠᠢ᠂ ᠠᠮᠢ ᠠᠬᠤᠶ ᠶᠢᠨ ᠠᠮᠤᠷ ᠲᠦᠪᠰᠢᠨ᠂ ᠦᠷᠭᠦᠯᠵᠢᠯᠡᠵᠦ ᠪᠣᠯᠬᠤ︾ ᠵᠠᠷᠴᠢᠮ ᠤᠨ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠨᠤᠲᠠᠯᠠᠭᠰᠠᠨ ᠤᠷᠢᠲᠠᠯ ᠳᠤ᠂ ᠰᠠᠭᠤᠷᠢ ᠲᠠᠯᠪᠢᠬᠤ᠂ ᠠᠯᠤᠰ ᠬᠡᠳᠦ ᠶᠢ ᠬᠠᠮᠢᠶᠠᠷᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ‍ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠳ ᠢ ᠬᠦᠴᠦᠨ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠵᠤ᠂ ᠲᠣᠪᠣᠶᠢᠮ᠎ᠠ ᠪᠠᠭᠤᠷᠠᠶ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶ᠎ᠡ ᠶᠢ ᠪᠦᠷᠢᠨᠰᠢᠭᠦᠯᠬᠦ ᠪᠠᠷ ᠳᠤᠷᠠᠳᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ 515 ᠪᠠᠶᠢᠵᠤ᠂ 1113 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ ᠤᠰᠤᠨ ᠠᠰᠢᠭᠯᠠᠯᠲᠠ ᠶᠢᠨ ᠶᠠᠮᠤᠨ ᠤ ᠰᠢᠭᠰᠢᠨ ᠰᠣᠩᠭᠤᠬᠤ ᠲᠥᠷᠥᠯ ᠵᠦᠶᠯ ᠤᠨ ᠵᠠᠷᠴᠢᠮ ᠢᠶᠠᠷ ᠯᠠᠪᠯᠠᠯᠲᠠ ᠪᠣᠯᠭᠠᠵᠤ᠂ ᠲᠥᠷᠥᠯ ᠵᠦᠶᠯ ᠢ A᠂ B᠂ C ᠭᠡᠵᠦ ᠭᠤᠷᠪᠠᠨ ᠲᠥᠷᠥᠯ ᠬᠤᠪᠢᠶᠠᠨ᠎ᠠ᠄ A ᠲᠥᠷᠥᠯ ᠪᠣᠯ ᠪᠠᠯᠠ ᠣᠷᠣᠭᠤᠯᠤᠯᠲᠠ ᠶᠢᠨ ᠠᠷᠭ᠎ᠠ ᠵᠠᠮ ᠨᠢ ᠦᠨᠳᠦᠰᠦᠨ ᠳᠤ ᠪᠠᠨ ᠲᠣᠳᠣᠷᠬᠠᠶ ᠲᠥᠷᠥᠯ ᠵᠦᠶᠯ ᠪᠠᠶᠢᠵᠤ᠂ ᠡᠩ ᠤᠨ ᠪᠠᠶᠢᠳᠠᠯ ᠳᠤ ᠲᠥᠯᠥᠪᠵᠢᠭᠦᠯᠭᠡ ᠶᠢᠨ ᠬᠤᠭᠤᠴᠠᠭᠠᠨ ᠳᠤ ᠬᠡᠷᠡᠭᠵᠢᠭᠦᠯᠵᠦ ᠳᠡᠶᠢᠯᠦᠨ᠎ᠡ︔ B ᠲᠥᠷᠥᠯ ᠪᠣᠯ ᠲᠥᠯᠥᠪᠵᠢᠭᠦᠯᠭᠡ ᠶᠢᠨ ᠬᠤᠭᠤᠴᠠᠭᠠᠨ ᠳᠤ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠨᠠᠶᠢᠳᠠᠪᠤᠷᠢᠵᠢᠭᠤᠯᠤᠭᠰᠠᠨ  ᠤ ᠳᠠᠷᠠᠭ᠎ᠠ ᠠᠵᠢᠯ ᠡᠬᠢᠯᠡᠭᠦᠯᠵᠦ ᠳᠡᠶᠢᠯᠬᠦ ᠲᠥᠷᠥᠯ ᠵᠦᠢᠯ ᠪᠣᠯᠤᠨ᠎ᠠ︔ C ᠲᠥᠷᠥᠯ ᠨᠢ ᠪᠦᠲᠦᠭᠡᠨ ᠪᠠᠶᠢᠭᠤᠯᠬᠤ ᠨᠥᠬᠦᠴᠡᠯ᠂ ᠪᠡᠯᠡ ᠮᠥᠩᠭᠦ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠤᠳᠤᠯᠤᠨ ᠨᠤᠲᠠᠯᠠᠬᠤ ᠪᠠ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠬᠤ ᠲᠥᠷᠥᠯ ᠵᠦᠢᠯ ᠢ ᠲᠣᠬᠢᠲᠠᠢ ᠴᠠᠭ ᠲᠤ ᠨᠢ ᠬᠢᠨᠠᠨ ᠵᠥᠪᠰᠢᠶᠡᠷᠡᠬᠦ ᠲᠥᠷᠦᠯ ᠵᠦᠢᠯ ᠪᠣᠯᠤᠨ᠎ᠠ᠃      1᠂ A ᠲᠥᠷᠥᠯ ᠤᠨ ᠲᠥᠷᠥᠯ ᠵᠦᠶᠯ ᠨᠡᠶᠢᠲᠡ 312 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 1789 ᠳ᠋ᠦᠩᠰᠢᠭᠤᠷ ᠲᠥᠭᠦᠷᠢᠭ ᠲᠤ ᠬᠦᠷᠦᠨ᠎ᠡ᠂ ᠡᠭᠦᠨ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ 901 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠨ᠎ᠠ᠃ ᠡᠭᠦᠨ ᠳᠤ᠄ ᠭᠤᠤᠯᠳᠠᠯᠭ᠎ᠠ ᠲᠠᠢ ᠲᠥᠷᠥᠯ ᠵᠦᠶᠯ 35 ᠪᠠᠶᠢᠵᠤ᠂ 1431 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠎ᠠ᠂ ᠭᠤᠤᠯᠳᠠᠭᠤ ᠨᠢᠭᠡᠨᠲᠡ ᠠᠵᠢᠯ ᠡᠬᠢᠯᠡᠭᠦᠯᠦᠭᠰᠡᠨ ᠴᠤᠤᠯ ᠭᠤᠤᠯ ᠤᠨ ᠤᠰᠤ ᠶᠢ ᠲᠠᠲᠠᠵᠤ ᠯᠢᠶᠣᠤᠾᠧ ᠭᠤᠤᠯ ᠳᠤ ᠨᠡᠮᠡᠷᠢᠯᠡᠬᠦ᠂ ᠵᠡᠭᠦᠨ ᠲᠠᠶᠢᠰᠠ ᠶᠢᠨ ᠪᠠᠷᠢᠯᠭ᠎ᠠ ᠶᠢᠨ 1 xb ᠤᠰᠤ ᠬᠠᠩᠭᠠᠬᠤ ᠥᠪᠥᠷ ᠮᠣᠩᠭᠤᠯ ᠤᠨ ᠰᠠᠯᠪᠤᠷᠢ ᠱᠤᠭᠤᠮ ᠤᠨ ᠪᠠᠷᠢᠯᠭ᠎ᠠ᠂ ᠬᠠᠲᠤᠨ ᠭᠤᠤᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠲᠥᠷᠥᠯ ᠵᠦᠶᠯ ᠤᠳ ᠢ ᠪᠠᠭᠲᠠᠭᠠᠨ᠎ᠠ᠃ ᠡᠩ ᠤᠨ ᠲᠥᠷᠥᠯ ᠵᠦᠢᠯ 277 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 357 ᠳ᠋ᠦᠩᠰᠢᠭᠤᠷ ᠲᠥᠭᠦᠷᠢᠭ ᠲᠤ ᠬᠦᠷᠦᠨ᠎ᠡ᠂ ᠭᠤᠣᠯᠳᠠᠭᠤ ᠨᠢᠭᠡᠨᠲᠡ ᠠᠵᠢᠯ ᠡᠬᠢᠯᠡᠭᠦᠯᠦᠭᠰᠡᠨ ᠪᠤᠶᠤ ᠲᠥᠷᠥᠯ ᠵᠦᠢᠯ ᠪᠠᠶᠢᠭᠤᠯᠤᠭᠰᠠᠨ ᠬᠤᠪᠠ ᠶᠢᠨ ᠭᠤᠤ᠂ ᠭᠠᠭ᠋ᠠᠢ ᠠᠭᠤᠯᠠ ᠵᠡᠷᠭᠡ ᠳᠤᠮᠳᠠ ᠬᠡᠯᠪᠡᠷᠢ ᠶᠢᠨ ᠴᠥᠭᠦᠷᠥᠮ ᠤᠨ ᠪᠠᠷᠢᠯᠭ᠎ᠠ᠂ ᠤᠯᠤᠰ ᠠᠴᠠ ᠪᠡᠯᠡ ᠣᠷᠤᠭᠤᠯᠬᠤ ᠠᠷᠭ᠎ᠠ ᠵᠠᠮ ᠲᠠᠢ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠷᠢᠯᠭ᠎ᠠ᠂ ᠬᠥᠷᠥᠰᠥ ᠰᠢᠷᠣᠶ ᠶᠢ ᠬᠠᠮᠠᠭᠠᠯᠠᠬᠤ ᠪᠠᠷᠢᠯᠭ᠎ᠠ᠂ ᠴᠢᠬᠤᠯᠠ ᠰᠠᠯᠪᠤᠷᠢ ᠤᠷᠤᠰᠬᠠᠯ᠂ ᠳᠤᠮᠳᠠ ᠪᠠᠭ᠎ᠠ ᠭᠤᠣᠯ ᠮᠥᠷᠡᠨ᠂ ᠠᠭᠤᠯᠠᠨ ᠦᠶᠡᠷ ᠤᠨ ᠭᠤᠤ ᠶᠢ ᠵᠠᠰᠠᠬᠤ᠂ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠵᠢᠴᠢ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠵᠠᠰᠠᠬᠤ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠᠷᠢᠯᠭ᠎ᠠ᠂ ᠤᠰᠤᠨ ᠠᠰᠢᠭᠯᠠᠯᠲᠠ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠳ ᠢ ᠪᠠᠭᠲᠠᠭᠠᠨ᠎ᠠ᠃      2᠂ B ᠲᠥᠷᠥᠯ ᠤᠨ ᠲᠥᠷᠥᠯ ᠵᠦᠶᠯ ᠨᠡᠶᠢᠲᠡ 203 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 612 ᠳ᠋ᠦᠩᠰᠢᠭᠤᠷ ᠲᠥᠭᠦᠷᠢᠭ ᠲᠤ ᠬᠦᠷᠦᠨ᠎ᠡ᠂︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 211 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ᠃ ᠡᠭᠦᠨ ᠳᠤ᠄ ᠭᠤᠤᠯᠳᠠᠯᠭ᠎ᠠ ᠲᠠᠢ ᠲᠥᠷᠥᠯ ᠵᠦᠶᠯ 13 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 324 ᠳ᠋ᠦᠩᠰᠢᠭᠤᠷ ᠲᠥᠭᠦᠷᠢᠭ ᠲᠤ ᠬᠦᠷᠦᠨ᠎ᠡ᠂ ᠭᠤᠤᠯᠳᠠᠭᠤ ᠠᠯᠠᠱᠠ  ᠶᠢᠨ ᠪᠠᠴᠢᠮ ᠪᠠᠶᠢᠳᠠᠯ ᠢ ᠠᠷᠭᠠᠴᠠᠭᠠᠬᠤ ᠦᠶᠡᠷ ᠰᠠᠯᠭᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠬᠠᠲᠤᠨ ᠭᠤᠤᠯ ᠤᠨ ᠲᠠᠩ ᠤᠨ ᠣᠷᠣᠨ ᠤ ᠠᠷᠠᠳ ᠢ ᠨᠡᠭᠦᠯᠭᠡᠬᠦ᠂ ᠬᠠᠷ᠎ᠠ ᠭᠤᠤᠯ ᠢ ᠶᠡᠷᠦᠩᠬᠡᠶᠢᠯᠡᠨ ᠵᠠᠰᠠᠬᠤ᠂ ᠬᠤᠵᠢᠷᠯᠢᠭ ᠨᠠᠭᠤᠷ‌ᠢ ᠶᠡᠷᠦᠩᠬᠡᠶᠢᠯᠡᠨ ᠵᠠᠰᠠᠬᠤ ᠵᠡᠷᠭᠡ ᠢ ᠪᠠᠭᠲᠠᠭᠠᠨ᠎ᠠ᠃ ᠡᠩ ᠤᠨ ᠲᠦᠷᠦᠯ ᠵᠦᠢᠯ 190 ᠪᠠᠶᠢᠵᠤ᠂ 287 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ ᠡᠭᠦᠨ ᠳᠤ ᠭᠤᠣᠯᠳᠠᠭᠤ ᠤᠯᠤᠰ ᠠᠴᠠ ᠪᠡᠯᠡ ᠣᠷᠤᠭᠤᠯᠬᠤ ᠠᠷᠭ᠎ᠠ ᠵᠠᠮ ᠢ ᠬᠠᠷᠠᠬᠠᠨ ᠲᠣᠳᠣᠷᠬᠠᠶᠢᠯᠠᠭᠠᠳᠤᠢ ᠵᠢᠵᠢᠭ ᠬᠡᠯᠪᠡᠷᠢ ᠶᠢᠨ ᠴᠥᠭᠦᠷᠥᠮ ᠪᠠ ᠳᠤᠮᠳᠠ ᠬᠡᠯᠪᠡᠷᠢ ᠶᠢᠨ ᠤᠰᠤᠨ ᠬᠠᠭᠠᠯᠲᠠ ᠶᠢᠨ ᠠᠶᠤᠯ ᠢ ᠠᠷᠢᠯᠭᠠᠨ ᠪᠠᠬᠢᠯᠡᠬᠦ᠂ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ᠂ ᠦᠶᠡᠷ ᠢ ᠰᠡᠷᠭᠡᠶᠢᠯᠡᠵᠦ ᠤᠰᠤᠲᠤᠯ ᠢ ᠲᠠᠲᠠᠷᠠᠭᠤᠯᠬᠤ ᠶᠢ ᠳᠡᠭᠡᠭᠰᠢᠯᠡᠭᠦᠯᠬᠦ᠂ ᠤᠰᠤᠨ ᠰᠤᠷᠪᠤᠯᠵᠢ  ᠶᠢᠨ ᠭᠠᠵᠠᠷ ᠢ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠳᠠᠲᠠᠵᠤ ᠪᠠᠶᠢᠭ᠎ᠠ ᠣᠷᠣᠨ ᠢ ᠵᠠᠰᠠᠬᠤ᠂ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠵᠡᠷᠭᠡ ᠵᠦᠢᠯᠡᠰ ᠢ ᠪᠠᠭᠲᠠᠭᠠᠨ᠎ᠠ᠃      3᠂ C ᠲᠥᠷᠥᠯ ᠤᠨ ᠲᠥᠷᠥᠯ ᠵᠦᠢᠯ ᠨᠡᠶᠢᠲᠡ 193 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 677 ᠳ᠋ᠦᠩᠰᠢᠭᠤᠷ ᠲᠥᠭᠦᠷᠢᠭ ᠲᠤ ᠬᠦᠷᠦᠨ᠎ᠡ᠃ ᠡᠭᠦᠨ ᠳᠤ ᠭᠤᠣᠯᠳᠠᠯᠭ᠎ᠠ ᠲᠠᠢ ᠲᠥᠷᠥᠯ ᠵᠦᠢᠯ 12 ᠪᠠᠶᠢᠵᠤ᠂ 99 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠎ᠠ᠂ ᠭᠤᠣᠯᠳᠠᠭᠤ ᠳᠠᠯᠠᠢ ᠨᠠᠭᠤᠷ ᠢ ᠵᠠᠰᠠᠬᠤ ᠢᠨᠵᠧᠨᠧᠷᠢᠩ᠂ ᠭᠠᠨᠾᠧ ᠭᠤᠣᠯ ᠤᠨ ᠤᠰᠤ ᠲᠠᠲᠠᠬᠤ ᠤᠰᠤᠯᠠᠯᠲᠠ ᠶᠢᠨ ᠣᠷᠣᠨ ᠵᠡᠷᠭᠡ ᠲᠥᠷᠥᠯ ᠵᠦᠢᠯ ᠢ ᠪᠠᠭᠲᠠᠭᠠᠨ᠎ᠠ᠃ ᠡᠩ ᠤᠨ ᠲᠦᠷᠦᠯ ᠵᠦᠢᠯ 181 ᠪᠠᠶᠢᠵᠤ ᠨᠡᠶᠢᠲᠡ 578 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠨ᠎ᠠ᠃ ᠭᠤᠣᠯᠳᠠᠭᠤ᠄ ᠰᠢᠨ᠎ᠡ ᠪᠠᠷ ᠪᠠᠶᠢᠭᠤᠯᠤᠭᠳᠠᠭᠰᠠᠨ ᠤᠰᠤᠨ ᠰᠤᠷᠪᠤᠯᠵᠢ ᠶᠢᠨ ᠪᠠᠷᠢᠯᠭ᠎ᠠ ᠨᠤᠭᠤᠳ᠂ ᠲᠥᠯᠥᠪᠯᠡᠭᠰᠡᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠠᠷᠢᠯᠭ᠎ᠠ ᠨᠤᠭᠤᠳ᠂ ᠬᠢᠵᠠᠭᠠᠷᠯᠠᠬᠤ ᠨᠥᠬᠦᠴᠡᠯ ᠲᠠᠢ ᠪᠤᠶᠤ ᠡᠮᠦᠨᠡᠬᠢ ᠬᠤᠭᠤᠴᠠᠭᠠᠨ ᠤ ᠠᠵᠢᠯ ᠨᠢ ᠭᠦᠢᠴᠡᠳ ᠪᠤᠰᠤ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠪᠠᠷᠢᠯᠭ᠎ᠠ ᠨᠤᠭᠤᠳ᠂ ᠵᠢᠵᠢᠭ ᠬᠡᠯᠪᠡᠷᠢ ᠶᠢᠨ ᠤᠰᠤ ᠲᠠᠲᠠᠬᠤ ᠪᠠᠷᠢᠯᠭ᠎ᠠ ᠨᠤᠭᠤᠳ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ᠂ ᠴᠥᠭᠦᠷᠥᠮ ᠢ ᠠᠰᠢᠭᠯᠠᠯᠲᠠ ᠠᠴᠠ ᠭᠠᠷᠭᠠᠬᠤ᠂ ᠰᠢᠨ᠎ᠡ ᠪᠠᠷ ᠪᠠᠶᠢᠭᠤᠯᠬᠤ ᠦᠶᠡᠷ ᠢ ᠲᠣᠭᠲᠠᠭᠠᠬᠤ ᠣᠷᠣᠨ᠂ ᠣᠳᠣᠬᠠᠨ ᠳᠤ ᠤᠯᠤᠰ ᠤᠨ ᠪᠡᠯᠡ ᠣᠷᠣᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠶ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠲᠥᠷᠥᠯ ᠵᠦᠢᠯ ᠤᠳ ᠢ ᠪᠠᠭᠲᠠᠭᠠᠨ᠎ᠠ᠃      ᠬᠤᠶᠠᠷ᠂ ᠲᠥᠯᠥᠪᠵᠢᠭᠦᠯᠭᠡ ᠶᠢ ᠬᠡᠷᠡᠭᠵᠢᠭᠦᠯᠬᠦ ᠦᠷ᠎ᠡ ᠪᠦᠲᠦᠮᠵᠢ      ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠤ ᠲᠠᠷᠠᠭ᠎ᠠ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠪᠠ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠨ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠵᠦ ᠪᠣᠯᠤᠨ᠎ᠠ᠃      ︵ᠨᠢᠭᠡ︶ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠤᠰᠤᠨ ᠤ ᠠᠶᠤᠯ ᠦᠭᠡᠶ ᠶᠢᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠪᠣᠯᠤᠨ᠎ᠠ᠃ ᠴᠢᠬᠤᠯᠠ ᠶᠡᠭᠡ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠦᠨᠳᠦᠰᠦᠨ ᠳᠤ ᠨᠢ  ᠪᠦᠲᠦᠭᠡᠨ ᠪᠠᠶᠢᠭᠤᠯᠵᠤ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠨᠥᠬᠦᠴᠡᠯ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠭᠰᠠᠨ ᠤᠰᠤ ᠠᠷᠪᠢᠯᠠᠬᠤ ᠤᠰᠤᠯᠠᠯᠲᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ᠎ᠠ᠃ ᠨᠢᠭᠡ ᠪᠦᠯᠦᠭ ᠴᠢᠬᠤᠯᠠ ᠶᠡᠭᠡ ᠤᠰᠤ ᠵᠠᠯᠠᠵᠤ ᠤᠰᠤ ᠲᠠᠲᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠤᠭᠤᠳ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠵᠤ ᠥᠭᠭᠦᠨ᠎ᠡ᠃ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠭᠤᠣᠯᠯᠠᠭᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠤᠭᠤᠳ ᠢ ᠲᠦᠷᠭᠡᠳᠬᠡᠵᠦ᠂ ᠴᠢᠬᠤᠯᠠ ᠰᠠᠯᠪᠤᠷᠢ ᠤᠷᠤᠰᠬᠠᠯ ᠪᠠ ᠳᠤᠮᠳᠠ ᠵᠢᠵᠢᠭ ᠭᠤᠣᠯ ᠮᠥᠷᠡᠨ ᠢ ᠵᠠᠰᠠᠬᠤ ᠠᠵᠢᠯ ᠢ ᠬᠡᠷᠡᠭᠵᠢᠭᠦᠯᠵᠦ᠂ ᠠᠶᠤᠯᠲᠠᠢ ᠤᠰᠤᠨ ᠬᠠᠭᠠᠯᠲᠠ ᠶᠢᠨ ᠴᠥᠭᠦᠷᠥᠮ ᠤᠳ ᠤᠨ ᠠᠶᠤᠯ ᠢ ᠠᠷᠢᠯᠭᠠᠨ ᠪᠠᠬᠢᠯᠡᠵᠦ᠂ ᠶᠡᠭᠡ ᠭᠤᠣᠯ ᠮᠥᠷᠡᠨ᠂ ᠴᠢᠬᠤᠯᠠ ᠰᠠᠯᠪᠤᠷᠢ ᠤᠷᠤᠰᠬᠠᠯ ᠪᠠ ᠣᠷᠣᠨ ᠪᠦᠰᠡ ᠶᠢᠨ ᠦᠶᠡᠷ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ ᠤᠳ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠦᠴᠦᠲᠡᠢ ᠪᠠᠲᠤᠯᠠᠨ᠎ᠠ᠃      ︵ᠬᠤᠶᠠᠷ︶ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠤᠭᠤᠳ ᠨᠢ ᠬᠥᠳᠡᠭᠡ ᠲᠣᠰᠬᠤᠨ ᠤ ᠤᠤᠭᠤᠬᠤ ᠤᠰᠤᠨ ᠤ ᠪᠠᠲᠤᠯᠠᠭ᠎ᠠ ᠶᠢᠨ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠬᠦ ᠪᠣᠯᠤᠨ᠎ᠠ᠃ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠳ ᠢ ᠬᠡᠷᠡᠭᠵᠢᠭᠦᠯᠬᠦ ᠨᠢ ᠬᠥᠳᠡᠭᠡ ᠲᠣᠰᠬᠤᠨ ᠤ ᠤᠰᠤ ᠬᠠᠩᠭᠠᠬᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠂ ᠬᠠᠩᠭᠠᠬᠤ ᠤᠰᠤᠨ  ᠤ ᠴᠢᠨᠠᠷ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠤᠨ᠎ᠠ᠃ ᠲᠥᠯᠥᠪᠵᠢᠭᠦᠯᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠱᠢᠯᠲᠡ ᠪᠠᠷ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ  ᠨᠢ 82% ᠠᠴᠠ ᠳᠡᠭᠡᠭᠰᠢ ᠳᠤ ᠬᠦᠷᠴᠦ᠂ ᠬᠥᠳᠡᠭᠡ ᠲᠣᠰᠬᠤᠨ ᠤ ᠲᠥᠪᠯᠡᠷᠡᠭᠰᠡᠨ ᠮᠠᠶ᠋ᠢᠭ ᠤᠨ ᠤᠰᠤ ᠬᠠᠩᠭᠠᠬᠤ ᠢᠨᠵᠧᠨᠧᠷᠢᠩ ᠤᠨ ᠤᠰᠤ ᠬᠠᠩᠭᠠᠬᠤ ᠨᠣᠷᠮ᠎ᠠ ᠨᠢ 85% ᠠᠴᠠ ᠳᠡᠭᠡᠭᠰᠢ ᠳᠤ ᠬᠦᠷᠴᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠬᠦ ᠪᠣᠯᠤᠨ᠎ᠠ᠃      ︵ᠭᠤᠷᠪᠠ︶ ᠤᠰᠤᠨ ᠤ ᠠᠮᠢ ᠠᠬᠤᠶ ᠶᠢ ᠵᠠᠰᠠᠬᠤ ᠪᠠ ᠬᠠᠮᠠᠭᠠᠯᠠᠬᠤ ᠢᠨᠵᠧᠨᠧᠷᠢᠩ ᠤᠳ ᠨᠢ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠠᠮᠤᠷ ᠲᠥᠪᠰᠢᠨ ᠢ ᠬᠦᠴᠦᠲᠡᠶ ᠰᠠᠶᠢᠵᠢᠷᠠᠭᠤᠯᠵᠤ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠶᠢ ᠳᠥᠯᠭᠢᠨ ᠠᠬᠢᠭᠤᠯᠬᠤ ᠪᠣᠯᠤᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠨᠤᠭᠤᠳ ᠢ ᠲᠦᠯᠬᠢᠨ ᠠᠭᠢᠭᠤᠯᠬᠤ ᠨᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠭᠠᠵᠠᠷ ᠣᠷᠣᠨ ᠤ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ ᠬᠢᠵᠠᠭᠠᠷᠯᠠᠬᠤ ᠪᠠ ᠪᠠᠭᠠᠰᠬᠠᠬᠤ ᠪᠣᠯᠤᠨ᠎ᠠ᠃ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠪᠠᠶᠢᠭ᠎ᠠ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠬᠤ ᠨᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠪᠠᠶᠢᠭ᠎ᠠ ᠪᠠᠶᠢᠳᠠᠯ ᠢ ᠬᠤᠷᠢᠭᠯᠠᠬᠤ ᠪᠣᠯᠤᠨ᠎ᠠ᠃ ᠲᠥᠯᠥᠪᠵᠢᠭᠦᠯᠭᠡ ᠶᠢ ᠬᠡᠷᠡᠭᠵᠢᠭᠦᠯᠬᠦ ᠪᠠᠷ ᠳᠡᠮᠵᠢᠨ᠂ ᠤᠰᠤᠨ ᠤ ᠠᠮᠢ ᠠᠬᠤᠶ ᠶᠢᠨ ᠰᠢᠰᠲ᠋ᠧᠮ ᠤᠨ ᠠᠮᠤᠷ ᠲᠥᠪᠰᠢᠨ ᠪᠠ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠯᠠᠮ ᠨᠢᠭᠡ ᠠᠯᠬᠤᠮ ᠰᠠᠶᠢᠵᠢᠷᠠᠭᠤᠯᠬᠤ ᠪᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ