ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠳᠤᠭᠤᠶᠢᠯᠠᠩ ᠬᠠᠮᠲᠤᠷᠠᠭᠰᠠᠨ ᠬᠤᠷᠠᠯ ᠬᠢᠪᠠ
ᠨᠡᠶᠢᠲᠡᠯᠡᠭᠰᠡᠨ ᠴᠠᠭ᠄
2021/10/12
      9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠳᠤᠭᠤᠶᠢᠯᠠᠩ ᠬᠠᠮᠲᠤᠷᠠᠭᠰᠠᠨ ᠬᠤᠷᠠᠯ ᠬᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠠᠯᠠ ᠮᠦᠡᠭᠭᠦ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠠᠵᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠲᠤᠰᠬᠠᠶ ᠰᠡᠳᠦᠪ ᠢᠶᠠᠷ ᠠᠰᠠᠭᠤᠨ ᠯᠠᠪᠯᠠᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠸᠠᠩ ᠪᠥᠸᠧ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠯᠢᠶᠠᠨ ᠰᠤ᠋᠂ ᠵᠠᠩ ᠶᠤᠸᠠᠨ ᠵᠥᠩ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠣᠪᠣᠷ ᠢᠶᠠᠨ ᠢᠯᠡᠳᠬᠡᠬᠦ ᠦᠭᠡ ᠬᠡᠯᠡᠵᠡᠶ᠃      ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 5 ᠭᠡᠰᠢᠭᠦᠨ ᠪᠠ 1 ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ ᠬᠡᠷᠬᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠬᠤ᠂ ᠨᠡᠭᠦᠷᠡᠰᠦᠨ ᠤ ᠦᠨ᠎ᠡ ᠬᠠᠩᠰᠢ ᠦᠷᠭᠦᠯᠵᠢᠯᠡᠨ ᠥᠰᠴᠦ᠂ ᠥᠨᠳᠥᠷ ᠲᠦᠪᠰᠢᠨ ᠳᠤ ᠪᠠᠶᠢᠭ᠎ᠠ ᠪᠠᠶᠢᠳᠠᠯ ᠳᠤ ᠮᠠᠨ ᠤ ᠣᠷᠣᠨ ᠤᠯᠤᠰ ᠤᠨ ᠨᠡᠭᠦᠷᠡᠰᠦᠨ ᠤ ᠬᠠᠩᠭᠠᠯᠭ᠎ᠠ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠬᠡᠷᠬᠢᠨ ᠢᠳᠡᠪᠬᠢᠲᠡᠶ ᠬᠤᠪᠢ ᠨᠡᠮᠡᠷᠢ ᠦᠵᠡᠭᠦᠯᠬᠦ᠂ ᠨᠡᠭᠦᠷᠡᠰᠦ ᠪᠠᠷ ᠭᠠᠷᠭᠠᠬᠰᠠᠨ ᠴᠠᠬᠢᠯᠭᠠᠨ ᠤ ᠠᠯᠳᠠᠭᠳᠠᠯ ᠤᠨ ᠬᠦᠨᠳᠦ ᠨᠣᠴᠢᠲᠠᠶ ᠠᠰᠠᠭᠤᠳᠠᠯ ᠢ ᠬᠡᠷᠬᠢᠨ ᠰᠢᠢᠳᠪᠦᠷᠢᠯᠡᠬᠦ ᠵᠡᠷᠭᠡ ᠠᠳᠠᠯᠢ ᠪᠤᠰᠤ ᠬᠠᠷᠠᠭᠠᠰᠤ ᠠᠴᠠ ᠲᠤᠰᠬᠠᠶ ᠰᠡᠳᠦᠪ ᠢᠶᠠᠷ ᠠᠰᠠᠭᠤᠨ ᠯᠠᠪᠯᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠬᠠᠷᠢᠭᠤᠯᠲᠠ ᠥᠭᠪᠡ᠃ ᠠᠶ ᠯᠢ ᠬᠤᠸᠠ ᠣᠪᠣᠷ ᠢᠶᠠᠨ ᠢᠯᠡᠳᠬᠡᠬᠦ ᠦᠭᠡ ᠳᠡᠭᠡᠨ᠂ ᠬᠡᠳᠦ᠋ᠢᠪᠡᠷ ᠮᠠᠨ ᠤ ᠣᠷᠣᠨ ᠤ ᠠᠷᠠᠯᠵᠢᠶᠠᠴᠢᠨ ᠤᠷᠢᠵᠤ ᠪᠠᠯᠠ ᠮᠦᠡᠭᠭᠦ ᠣᠷᠣᠭᠤᠯᠤᠨ ᠠᠪᠴᠢᠷᠠᠬᠤ᠂ ᠠᠵᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠪᠠᠰᠠ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠤᠳᠠᠭᠠᠰᠢᠷᠠᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠪᠦᠲᠦᠴᠡ ᠶᠢᠨ ᠲᠣᠬᠢᠷᠠᠭᠤᠯᠤᠯᠳᠠ ᠶᠢᠨ ᠠᠯᠬᠤᠴᠠ ᠤᠳᠠᠭᠠᠨ᠂ ᠠᠷᠠᠯᠵᠢᠶᠠᠴᠢᠨ ᠤᠷᠢᠵᠤ ᠪᠠᠯᠠ ᠮᠦᠡᠭᠭᠦ ᠣᠷᠣᠭᠤᠯᠤᠨ ᠠᠪᠴᠢᠷᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠬᠢᠵᠠᠭᠠᠷᠯᠠᠭᠳᠠᠬᠤ ᠵᠡᠷᠭᠡ ᠬᠦᠴᠢᠷᠳᠡᠯ ᠣᠷᠣᠰᠢᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠠᠯᠠ ᠮᠦᠡᠭᠭᠦ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠢᠶᠠᠷ ᠠᠭᠤᠰᠤᠯᠴᠠᠵᠤ᠂ ᠠᠵᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠥᠷᠥᠯ ᠵᠦᠢᠯ ᠢ ᠠᠳᠬᠤᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠲᠦᠷᠢᠮ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠬᠦᠴᠦᠨ ᠪᠦᠬᠦᠢ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠳᠤ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠨ᠎ᠠ ᠭᠡᠵᠦ ᠢᠯᠡᠷᠭᠡᠶᠢᠯᠡᠪᠡ᠃      ᠬᠤᠷᠠᠯ ᠠᠴᠠ᠂ ᠥᠪᠥᠷ ᠮᠣᠩᠭᠤᠯ ᠤᠨ ᠠᠷᠠᠯᠵᠢᠶᠠᠴᠢᠨ ᠤᠷᠢᠵᠤ ᠪᠠᠯᠠ ᠮᠦᠡᠭᠭᠦ ᠣᠷᠣᠭᠤᠯᠤᠨ ᠠᠪᠴᠢᠷᠠᠬᠤ ᠪᠠ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠠᠳᠬᠤᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠠᠲᠠᠭᠤ ᠮᠦᠷᠳᠡᠬᠡᠨ ᠪᠣᠳᠠᠲᠠᠶ ᠠᠷᠭ᠎ᠠ ᠠᠪᠴᠤ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ ᠤᠷᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠨᠥᠭᠡᠴᠡ ᠬᠦᠴᠦᠨ ᠢ ᠴᠢᠨᠠᠭᠰᠢᠳᠠ ᠴᠢᠩᠭᠠᠳᠬᠠᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠦᠷ ᠮᠤᠩᠭᠤᠯ ᠤᠨ ᠪᠤᠳᠠᠳᠤ ᠪᠠᠶᠢᠳᠠᠯ ᠳᠤ ᠰᠠᠭᠤᠷᠢᠯᠠᠨ᠂ ᠢᠳᠡᠪᠬᠢᠳᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠦᠭᠵᠢᠯᠳᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠦᠭᠵᠢᠯᠳᠠ ᠶᠢᠨ ᠠᠵᠠ ᠲᠣᠬᠢᠶᠠᠯ ᠢ ᠠᠮᠵᠢᠵᠦ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠯᠲᠠ ᠶᠢᠨ ᠰᠢᠨ᠎ᠡ ᠠᠶᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠷᠢᠯᠳᠦᠬᠦᠨ ᠨᠡᠷ ᠤᠨ ᠬᠢᠨᠠᠨ ᠵᠥᠪᠯᠡᠭᠰᠡᠨ ᠦᠭᠡ ᠪᠠ ᠠᠰᠠᠭᠤᠨ ᠯᠠᠪᠯᠠᠬᠰᠠᠨ ᠰᠠᠨᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠰᠡᠨ ᠰᠠᠨᠠᠯ ᠢ ᠬᠢᠨᠠᠮᠠᠭᠠᠶ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠲᠤᠰᠢᠶᠠᠨ ᠰᠢᠢᠳᠪᠦᠷᠢᠯᠡᠬᠦᠯᠬᠦ ᠶᠢᠨ ᠬᠠᠮᠲᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ