2021 ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠡᠬᠢᠯᠡᠪᠡ  ᠱᠢ ᠲᠠᠢ ᠹᠧᠩ ᠪᠠᠶᠠᠷ ᠤᠨ ᠵᠠᠬᠢᠳᠠᠯ ᠢᠯᠡᠭᠡᠵᠦ  ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2021/10/13

      10 ᠰᠠᠷ᠎ᠠ ᠶᠢᠨ 12 ᠤᠨ ᠡᠳᠦᠷ᠂ 2021 ᠤᠷᠳᠤᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃

      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠲᠦᠷᠦᠭᠦᠴᠦᠳ ᠤᠨ ᠬᠤᠷᠠᠯ ᠤᠨ ᠬᠤᠷᠠᠯᠳᠤᠭᠰᠠᠨ‌‍ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠂ ᠲᠡᠷᠡ ᠪᠠᠶᠠᠷ ᠤᠨ ᠵᠠᠬᠢᠳᠠᠯ ᠳᠠᠭᠠᠨ᠂ ᠡᠨᠡ ᠤᠳᠠᠭ᠎ᠠ ᠶᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠶᠠᠪᠤᠳᠠᠯ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠬᠰᠠᠨ ᠠᠮᠢᠳᠤᠯᠢᠭ ᠦᠢᠯᠡᠳᠦᠯᠭᠡ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠬᠰᠠᠨ ᠪᠣᠳᠠᠲᠤ ᠠᠵᠢᠯᠯᠠᠭ᠎ᠠ ᠮᠥᠨ᠃ ᠥᠪᠥᠷ ᠮᠣᠩᠭᠤᠯ ᠪᠣᠯ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠨ᠎ᠠ᠂ ᠳᠠᠬᠢᠨ ᠡᠭᠦᠰᠴᠦ ᠪᠣᠯᠬᠤ ᠡᠨᠧᠷᠭᠢ ᠶᠢᠨ ᠡᠬᠢ ᠪᠠᠶᠠᠯᠢᠭ ᠢᠶᠠᠷ ᠦᠯᠡᠮᠵᠢ ᠶᠤᠮ᠂ ᠣᠶᠢᠷ᠎ᠠ ᠶᠢᠨ ᠵᠢᠯ ᠤᠨ ᠲᠤᠷᠰᠢ ᠪᠢᠳᠡ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠳᠣᠬᠠᠨ ᠳᠤ ᠪᠥᠬᠦ ᠣᠷᠣᠨ ᠤ ᠭᠤᠷᠪᠠᠨ ᠤ ᠨᠢᠭᠡ ᠶᠢᠨ ᠴᠠᠬᠢᠯᠭᠠᠨ ᠬᠦᠴᠦᠨ ᠤ ᠮᠠᠰᠢᠨ ᠴᠤᠬᠴᠠᠯᠠᠪᠤᠷᠢ ᠪᠠ ᠪᠥᠬᠦ ᠨᠡᠶᠢᠭᠡᠮ ᠤᠨ ᠬᠡᠷᠡᠭᠯᠡᠵᠤ ᠪᠠᠶᠢᠭ᠎ᠠ ᠴᠠᠬᠢᠯᠭᠠᠨ ᠤ ᠲᠠᠪᠤᠨ ᠤ ᠨᠢᠭᠡ ᠨᠢ ᠰᠢᠨ᠎ᠡ ᠡᠨᠧᠷᠭᠢ ᠠᠴᠠ ᠢᠷᠡᠭᠰᠡᠨ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ︽ᠨᠠᠶᠢᠳᠠᠪᠤᠷᠢᠵᠢᠭᠤᠯᠤᠭᠴᠢ︾ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ︽ᠠᠬᠢᠭᠤᠯᠤᠭᠴᠢ︾ ᠶᠢᠨ ᠡᠭᠦᠷᠭᠡᠯᠡᠯ ᠢ ᠢᠯᠡᠷᠡᠭᠦᠯᠵᠦ᠂ ︽ᠳᠠᠭᠠᠭᠤᠯᠤᠭᠴᠢ︾ ᠶᠢᠨ ᠬᠥᠭᠡᠭᠡᠴᠡᠯᠳᠦᠯ ᠢᠶᠠᠨ ᠪᠠᠲᠤᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠪᠣᠯᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠢ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠤ ᠢᠷᠡᠯᠳᠡ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠮᠠᠨ ᠤ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠡᠨᠡ ᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠬᠦ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠨ᠎ᠡ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠠᠵᠢᠯ ᠲᠥᠷᠥᠯ ᠤᠨ ᠬᠢᠨ ᠤ ᠰᠤᠳᠤᠴᠤᠤᠯ ᠪᠤᠳᠤᠯ ᠨᠢᠬᠡᠳᠦᠨ ᠤᠶᠤᠨ ᠢᠶᠠᠨ ᠨᠢᠬᠳᠠᠷᠠᠭᠤᠯᠤᠨ᠂ ᠣᠢ ᠤᠬᠠᠭᠠᠨ ᠢᠶᠠᠨ ᠲᠥᠪᠯᠡᠷᠡᠭᠦᠯᠦᠨ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠳᠤ ᠨᠠᠩ ᠣᠯᠠᠨ ᠰᠢᠨᠵᠢᠯᠡᠬᠦ ᠤᠬᠠᠭᠠᠨᠴᠢ ᠲᠥᠰᠦᠯ ᠬᠠᠩᠭᠠᠵᠤ᠂ ᠮᠠᠨ ᠤ ᠣᠷᠣᠨ ᠤ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠡᠭ ᠪᠤᠯᠭᠠᠬᠤ ᠠᠵᠤ ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠪᠠ ᠠᠭᠤᠰᠤᠯᠴᠠᠬᠤ ᠳᠤ ᠨᠠᠩ ᠣᠯᠠᠨ ᠰᠢᠨ᠎ᠡ ᠰᠡᠳᠬᠢᠮᠵᠢ᠂ ᠰᠠᠶᠢᠨ ᠦᠵᠡᠯᠳᠡ ᠬᠠᠩᠭᠠᠬᠤ ᠶᠢ ᠬᠦᠰᠡᠵᠦ ᠪᠠᠶᠢᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯᠲᠠᠳ ᠥᠪᠥᠷ ᠮᠣᠩᠭᠤᠯ ᠳᠤ ᠢᠷᠡᠵᠦ ᠪᠠᠯᠠ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠭᠠᠷ ᠬᠤᠯᠪᠣᠯᠴᠠᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠠᠬᠢᠭᠤᠯᠬᠤ ᠶᠢ ᠬᠠᠯᠠᠭᠤᠨ ᠢᠶᠠᠷ ᠤᠭᠲᠤᠵᠤ ᠪᠠᠶᠢᠨ᠎ᠠ ᠭᠡᠪᠡ᠃

1.jpg


      ᠸᠠᠩ ᠯᠢ ᠰᠢᠶᠠ ᠪᠠᠶᠠᠷ ᠤᠨ ᠦᠭᠡ ᠳᠡᠭᠡᠨ᠂ ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ︾ ᠢ ᠬᠥᠭᠵᠢᠭᠦᠯᠬᠦ ᠳᠤ ᠥᠪᠥᠷ ᠮᠣᠩᠭᠤᠯ ᠨᠥᠬᠦᠴᠡᠯ ᠲᠠᠢ ᠶᠤᠮ᠂ ᠴᠢᠳᠠᠪᠤᠷᠢ ᠪᠤᠢ᠂ ᠢᠷᠡᠭᠡᠳᠦᠢ ᠪᠤᠢ᠂ ᠢᠲᠡᠭᠡᠯ ᠪᠤᠢ᠂ ᠬᠠᠷᠢᠭᠤᠴᠠᠯᠭ᠎ᠠ ᠲᠠᠢ᠂ ᠡᠭᠦᠷᠭᠡᠯᠡᠯ ᠲᠠᠢ ᠶᠤᠮ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠡᠨᠧᠷᠭᠢ ᠶᠢ ᠨᠡᠭᠡᠭᠡᠨ ᠬᠥᠭᠵᠢᠭᠦᠯᠬᠦ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠲᠤᠯᠭᠠᠭᠤᠷᠢᠯᠠᠯ ᠪᠠ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠥᠭᠡᠷᠡᠴᠢᠯᠡᠯᠲᠡ ᠨᠡᠭᠡᠭᠡᠯᠲᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠰᠠᠯᠬᠢ ᠬᠡᠷᠡᠯ ᠤᠨ ᠡᠨᠧᠷᠬᠢ ᠤᠰᠤᠲᠥ᠋ᠷᠥᠭᠴᠢ ᠬᠠᠳᠠᠭᠠᠯᠠᠬᠤ ᠬᠦᠮᠤᠷᠬᠡ︾ ᠪᠠᠷ ᠭᠤᠤᠯ ᠪᠣᠯᠭᠠᠭᠰᠠᠨ ᠪᠣᠬᠢᠷᠲᠤᠯ ᠥᠬᠡᠶ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ᠂ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠪᠠᠷ ᠤᠳᠤᠷᠢᠳᠤᠮᠵᠢ ᠪᠣᠯᠭᠠᠭᠰᠠᠨ ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠰᠢᠨ᠎ᠡ ᠠᠵᠤ ᠦᠢᠯᠡᠳᠪᠦᠷᠢ︾ ᠶᠢᠨ ᠰᠢᠨ᠎ᠡ ᠶᠢ ᠡᠭᠦᠳᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠬᠡᠬᠦ ᠡᠨᠡ ᠬᠦ ᠶᠡᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠦ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠨᠡᠨ ᠬᠦ ᠰᠠᠶᠢᠲᠤᠷ ᠵᠠᠮᠨᠠᠬᠤ ᠬᠡᠷᠡᠭᠲᠡᠢ᠃ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠡᠭ ᠪᠤᠯᠭᠠᠬᠤ ᠰᠢᠨ᠎ᠡ ᠠᠵᠤ ᠦᠢᠯᠡᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠠᠮᠢ ᠠᠬᠤᠢ︾ ᠭᠡᠬᠦ ᠭᠤᠣᠯ ᠰᠡᠳᠦᠪ ᠤᠨ ᠲᠣᠭᠤᠷᠢᠨ ᠳᠤ᠂ ᠦᠨᠡᠨᠴᠢ ᠪᠠᠷ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠦᠵᠡᠯ ᠰᠠᠨᠠᠭ᠎ᠠ ᠰᠡᠳᠬᠢᠬᠦᠢ ᠪᠠᠨ ᠬᠥᠭᠵᠢᠭᠡᠵᠦ᠂ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠠᠴᠠ ᠨᠡᠩ ᠤᠯᠠᠨ ᠰᠢᠨ᠎ᠡ ᠤᠶᠤᠨ ᠤᠬᠠᠭᠠᠨ᠂ ᠰᠢᠨ᠎ᠡ ᠰᠡᠳᠬᠢᠮᠵᠢ᠂ ᠰᠢᠨ᠎ᠡ ᠲᠥᠰᠦᠯ ᠭᠠᠷᠭᠠᠬᠤ ᠶᠢ ᠬᠦᠰᠡᠵᠦ ᠪᠠᠶᠢᠨ᠎ᠠ᠃ ᠥᠪᠥᠷ ᠮᠣᠩᠭᠤᠯ ᠴᠤ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠳᠡᠯᠡᠬᠡᠢ ᠶᠢᠨ ᠡᠯ᠎ᠡ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠪᠡᠯᠡ ᠣᠷᠣᠭᠤᠯᠤᠯᠲᠠ ᠶᠢᠨ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠲᠠᠢ ᠬᠠᠮᠲᠤ ᠪᠠᠷ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠡᠷᠬᠢᠯᠳᠡᠳᠤ᠂ ᠦᠷᠭᠦᠯᠵᠢᠯᠡᠬᠦ ᠮᠠᠶ᠋ᠢᠭ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠰᠦᠪᠡᠭᠴᠢᠯᠡᠵᠦ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠵᠢᠭᠰᠠᠨ᠂ ᠠᠮᠢ ᠠᠬᠤᠢ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢ ᠬᠠᠮᠲᠤ ᠪᠠᠷ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

2.jpg

 

      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠦᠷᠦᠭᠦᠴᠦᠳ ᠤᠨ ᠬᠤᠷᠠᠯ ᠨᠢ᠂ ᠲᠥᠷᠥᠯ ᠵᠦᠢᠯ ᠤᠨ ᠭᠡᠷ᠎ᠡ ᠲᠣᠭᠲᠠᠬᠤ᠂ ᠲᠦᠷᠦᠬᠦᠴᠦᠳ ᠤᠨ ᠶᠠᠷᠢᠯᠴᠠᠭ᠎ᠠ᠂ ᠲᠤᠰᠬᠠᠶ ᠮᠡᠷᠭᠡᠵᠢᠯᠲᠡᠨ ᠤ ᠶᠠᠷᠢᠶᠠᠨ ᠤ ᠲᠠᠪᠴᠠᠩ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠡᠭ ᠪᠤᠯᠭᠠᠬᠤ ᠬᠡᠯᠪᠡᠷᠢ ᠪᠠᠨ ᠬᠤᠪᠢᠷᠠᠭᠤᠯᠤᠭᠰᠠᠨ ᠠᠮᠵᠢᠯᠲᠠ ᠲᠠᠢ ᠲᠤᠷᠰᠢᠯᠭ᠎ᠠ ᠶᠢ ᠬᠤᠪᠢᠶᠠᠯᠴᠠᠵᠤ᠂ ᠠᠵᠤ ᠦᠢᠯᠡᠰ ᠤᠨ ᠳᠠᠬᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠷᠭ᠎ᠠ ᠵᠠᠮ ᠢ ᠰᠦᠪᠡᠭᠴᠢᠯᠡᠵᠦ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠵᠤ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠥᠷᠬᠦ ᠶᠢ ᠪᠡᠶᠡᠯᠡᠭᠦᠯᠬᠦ ᠳᠤ ᠥᠪᠥᠷ ᠮᠣᠩᠭᠤᠯ ᠤᠨ ᠣᠶᠤᠨ ᠤᠬᠠᠭᠠᠨ ᠪᠠ ᠲᠥᠰᠦᠯ ᠢ ᠬᠠᠩᠭᠠᠬᠤ ᠪᠠᠷ ᠵᠤᠷᠢᠯᠭ᠎ᠠ ᠪᠤᠯᠭᠠᠬᠰᠠᠨ ᠶᠤᠮ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ