ᠥᠪᠥᠷ ᠮᠣᠩᠭᠤᠯ ᠬᠥᠬᠡᠨᠠᠭᠤᠷ ᠬᠤᠶᠠᠷ ᠭᠠᠵᠠᠷ ᠤᠨ ᠵᠠᠰᠠᠭ ᠤᠨ ᠣᠷᠳᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠬᠦ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ
ᠨᠡᠶᠢᠲᠡᠯᠡᠭᠰᠡᠨ ᠴᠠᠭ᠄
2021/10/13
      10 ᠰᠠᠷ᠎ᠠ ᠶᠢᠨ 12 ᠤᠨ ᠡᠳᠦᠷ᠂ ᠬᠥᠬᠡᠨᠠᠭᠤᠷ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ᠂ ᠬᠤᠶᠠᠷ ᠮᠤᠵᠢ ᠦᠪᠡᠷᠳᠡᠬᠡᠨ ᠵᠠᠰᠠᠬᠤ ᠣᠷᠣᠨ ᠤ ᠰᠣᠯᠢᠯᠴᠠᠭ᠎ᠠ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ᠂ ᠭᠠᠷ ᠬᠤᠯᠪᠣᠯᠴᠠᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ ᠲᠤᠰ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ· ᠬᠥᠬᠡᠨᠠᠭᠤᠷ ᠮᠤᠵᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠥᠬᠡᠨᠠᠭᠤᠷ ᠮᠤᠵᠢ ᠶᠢᠨ ᠨᠠᠮ ᠤᠨ ᠬᠤᠷᠢᠶᠠᠨ ᠤ ᠱᠦᠵᠢ᠂ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠᠨ ᠵᠢᠶᠦ᠋ᠨ ᠶᠠᠷᠢᠶ᠎ᠠ ᠲᠠᠯᠪᠢᠪᠠ᠃
1.jpg
 2.jpg
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠬᠥᠬᠡᠨᠠᠭᠤᠷ ᠮᠤᠵᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠮᠤᠵᠢ ᠶᠢᠨ ᠳᠠᠷᠤᠭ᠎ᠠ ᠰᠢᠨ ᠴᠠᠩ ᠰᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠨᠠᠭᠤᠷ ᠮᠤᠵᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠤᠰ ᠲᠤᠰ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠬᠥᠬᠡᠨᠠᠭᠤᠷ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠮᠤᠵᠢ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠵᠢᠶᠧ ᠰᠢᠶᠠᠩ ᠲᠣᠰ ᠲᠣᠰ ᠬᠤᠶᠠᠷ ᠮᠤᠵᠢ ᠦᠪᠡᠷᠳᠡᠭᠡᠨ ᠵᠠᠰᠬᠠᠤ ᠣᠷᠣᠨ ᠤ ᠵᠠᠰᠠᠭ ᠤᠨ ᠣᠷᠳᠣᠨ ᠢ ᠲᠦᠯᠦᠬᠡᠯᠡᠵᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ ᠣᠷᠣᠯᠴᠠᠵᠠᠢ᠃
3.jpg
4.jpg
      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠬᠥᠬᠡᠨᠠᠭᠤᠷ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ᠂ ᠬᠥᠬᠡᠨᠠᠭᠤᠷ ᠮᠤᠵᠢ ᠶᠢᠨ ᠤᠯᠠᠨ ᠵᠢᠯ ᠤᠨ ᠲᠤᠷᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ᠂ ᠬᠥᠬᠡᠨᠠᠭᠤᠷ ᠮᠤᠵᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠯᠤᠭᠰᠠᠨ ᠠᠮᠵᠢᠯᠲᠠ ᠶᠢ ᠪᠢᠰᠢᠷᠡᠵᠦ ᠪᠠᠶᠢᠬᠤ ᠪᠠᠨ ᠢᠯᠡᠳᠬᠡᠪᠡ᠃ ᠱᠢ ᠲᠠᠢ ᠹᠧᠩ᠂ ᠬᠠᠲᠤᠨ ᠭᠤᠤᠯ ᠤᠨ ᠤᠰᠤ ᠶᠢ ᠬᠠᠮᠳᠤ ᠪᠠᠷ ᠤᠤᠭᠤᠬᠰᠠᠨ ᠦᠪᠤᠷ ᠮᠤᠩᠭᠤᠯ ᠬᠦᠭᠡᠨᠠᠭᠤᠷ ᠨᠢᠭᠡ ᠬᠡᠷ ᠤᠨ ᠬᠦᠮᠦᠨ ᠮᠡᠲᠦ ᠳᠣᠲᠣᠨᠣ ᠪᠠᠶᠢᠵᠤ᠂ ᠬᠤᠶᠠᠷ ᠭᠠᠵᠠᠷ ᠤᠨ ᠬᠢᠨ ᠠᠵᠤ  ᠦᠢᠯᠡᠰ ᠤᠨ ᠬᠥᠭᠵᠢᠯᠲᠡ᠂ ᠠᠵᠤ ᠠᠬᠤᠶ ᠠᠷᠠᠯᠵᠢᠶᠠᠨ ᠤ ᠭᠦᠢᠯᠭᠡᠭᠡ᠂ ᠠᠷᠠᠳ ᠤᠨ ᠬᠤᠭᠤᠷᠣᠨᠳᠣᠬᠢ ᠶᠠᠪᠤᠯᠴᠠᠭ᠎ᠠ ᠵᠡᠷᠭᠡ ᠲᠠᠯ᠎ᠠ ᠪᠠᠷ ᠰᠠᠶᠢᠨ ᠰᠠᠶᠢᠬᠠᠨ ᠬᠠᠮᠲᠤᠷᠠᠯᠴᠠᠭ᠎ᠠ ᠰᠣᠯᠢᠯᠴᠠᠭᠠᠨ ᠤ ᠬᠠᠷᠢᠯᠴᠠᠭ᠎ᠠ ᠪᠠᠨ ᠪᠠᠲᠤᠯᠠᠭᠰᠠᠭᠠᠷ ᠢᠷᠡᠵᠡᠶ᠃ ᠰᠢᠨ᠎ᠡ ᠬᠥᠭᠵᠢᠯᠲᠡ ᠶᠢᠨ ᠱᠠᠲᠤ ᠦᠶ᠎ᠠ ᠳᠤ ᠣᠷᠣᠵᠤ᠂ ᠨᠠᠮ ᠤᠨ ᠲᠥᠪ ᠬᠤᠷᠢᠶ᠎ᠠ ᠠᠴᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠬᠢᠵᠦ᠂ ᠨᠡᠩ ᠶᠡᠭᠡ ᠡᠷᠴᠢᠮ ᠢᠶᠠᠷ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ᠂ ᠡᠨᠡ ᠨᠢ ᠬᠤᠶᠠᠷ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠡᠷᠬᠢᠮ ᠨᠠᠨᠳᠢᠨ ᠠᠵᠠ ᠲᠣᠬᠢᠶᠠᠯ ᠬᠠᠩᠭᠠᠪᠠ᠃ ᠢᠯᠠᠩᠭᠤᠶ᠎ᠠ ᠣᠳᠣᠬᠠᠨ ᠳᠤ ᠥᠪᠥᠷ ᠮᠣᠩᠭᠤᠯ ᠪᠣᠯᠤᠨ ᠬᠥᠬᠡᠨᠠᠭᠤᠷ ᠴᠦᠮ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠪᠣᠬᠢᠷᠲᠤᠯ ᠦᠭᠡᠢ ᠬᠥᠭᠵᠢᠯᠲᠡ ᠪᠣᠯ ᠬᠠᠮᠲᠤ ᠶᠢᠨ ᠡᠭᠦᠷᠭᠡ ᠮᠥᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠯ ᠬᠠᠮᠲᠤ ᠶᠢᠨ ᠰᠡᠳᠦᠪ ᠮᠥᠨ᠂ ᠬᠤᠶᠠᠷ ᠭᠠᠵᠠᠷ ᠤᠨ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠥᠷᠭᠡᠨ ᠬᠦᠷᠢᠶ᠎ᠠ ᠴᠠᠷᠠᠭᠠᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠠᠬᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠢᠷᠡᠭᠡᠳᠦᠢ ᠭᠡᠭᠡᠨ ᠰᠠᠷᠠᠭᠤᠯ ᠶᠤᠮ᠃ ᠥᠪᠥᠷ ᠮᠣᠩᠭᠤᠯ ᠳᠤᠷᠠᠲᠠᠶ᠎ᠠ ᠬᠥᠬᠡᠨᠠᠭᠤᠷ ᠯᠤᠭ᠎ᠠ ᠡᠨᠡ ᠤᠳᠠᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠭᠰᠠᠨ ᠢᠶᠠᠷ ᠰᠢᠨ᠎ᠡ ᠭᠠᠷᠤᠭ᠎ᠠ ᠪᠣᠯᠭᠠᠵᠤ᠂ ᠠᠵᠤ  ᠦᠢᠯᠡᠰ ᠤᠨ ᠬᠠᠷᠢᠯᠴᠠᠨ ᠨᠥᠬᠦᠪᠥᠷᠢᠯᠡᠬᠦ᠂ ᠬᠥᠮᠦᠰ ᠤᠨ ᠬᠤᠷᠰᠢᠯᠴᠠᠭ᠎ᠠ᠂ ᠮᠡᠷᠭᠡᠵᠢᠯ ᠤᠨ ᠬᠠᠪᠰᠤᠷᠤᠯᠴᠠᠭ᠎ᠠ᠂ ᠣᠶᠢᠯᠠᠭᠠᠭᠳᠠᠬᠤᠨ ᠤ ᠨᠡᠪᠲᠡᠷᠡᠯᠴᠡᠭᠡ᠂ ᠰᠤᠷᠲᠠᠯ ᠤᠨ ᠬᠠᠷᠢᠯᠴᠠᠨ ᠲᠣᠯᠢᠯᠠᠬᠤ ᠶᠢ ᠪᠤᠳᠤᠯᠬᠢᠯᠠᠵᠤ᠂ ᠴᠢᠬᠤᠯᠠ ᠶᠡᠭᠡ ᠬᠥᠭᠵᠢᠯᠲᠡ ᠶᠢᠨ ᠲᠥᠯᠥᠪᠵᠢᠭᠦᠯᠭᠡ᠂ ᠴᠢᠬᠤᠯᠠ ᠶᠡᠭᠡ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠤᠨ ᠲᠥᠷᠥᠯ  ᠵᠦᠢᠯ ᠵᠡᠷᠭᠡ ᠶᠢᠨ ᠵᠣᠯᠭᠠᠯᠴᠠᠭ᠎ᠠ ᠶᠢ ᠴᠢᠨᠠᠬᠰᠢᠳᠠ ᠭᠦᠨᠵᠡᠭᠡᠶᠢᠷᠡᠭᠦᠯᠵᠤ᠂ ᠰᠣᠯᠢᠯᠴᠠᠭᠠᠨ ᠤ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠤ᠂ ᠬᠠᠮᠲᠤᠷᠠᠯᠴᠠᠭᠠᠨ ᠤ ᠳᠡᠰ ᠳᠠᠪᠬᠤᠷᠭ᠎ᠠ ᠶᠢ ᠳᠡᠭᠡᠭᠰᠢᠯᠡᠭᠦᠯᠵᠤ᠂ ᠢᠯᠠᠩᠭᠤᠶ᠎ᠡ ᠰᠢᠨ᠎ᠡ ᠡᠨᠧᠷᠭᠢ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠ ᠠᠮᠢ ᠠᠬᠤᠶ ᠶᠢᠨ ᠬᠠᠮᠠᠭᠠᠯᠠᠯᠲᠠ ᠵᠠᠰᠠᠯᠲᠠ᠂ ᠨᠡᠭᠡᠭᠡᠯᠲᠡᠲᠦ ᠲᠠᠪᠴᠠᠩ ᠤᠨ ᠣᠷᠣᠨ ᠪᠦᠰᠡ ᠠᠯᠤᠰᠯᠠᠭᠰᠠᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠤ᠂ ᠵᠠᠰᠠᠭ ᠤᠨ ᠣᠷᠳᠣᠨ ᠪᠠ ᠠᠷᠠᠳ ᠤᠨ ᠬᠤᠭᠤᠷᠣᠨᠳᠣᠬᠢ ᠶᠠᠪᠤᠯᠴᠠᠭ᠎ᠠ ᠶᠢ ᠠᠬᠢᠭᠤᠯᠬᠤ ᠲᠠᠯ᠎ᠠ ᠪᠠᠷ ᠬᠠᠮᠲᠤ ᠪᠠᠷ ᠬᠦᠴᠦᠯᠡᠵᠤ᠂ ᠪᠠᠷᠠᠭᠤᠨ ᠣᠷᠣᠨ ᠤ ᠣᠷᠣᠨ ᠪᠦᠰᠡ ᠶᠢᠨ ᠬᠠᠮᠲᠤᠷᠠᠯᠴᠠᠭ᠎ᠠ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠶ ᠪᠠᠷ ᠬᠥᠭᠵᠢᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠰᠢᠨ᠎ᠡ ᠵᠠᠭᠪᠤᠷ ᠢ ᠭᠠᠷ ᠬᠤᠯᠪᠤᠯᠴᠠᠨ ᠴᠤᠬᠴᠠᠯᠠᠶ᠎ᠡ ᠭᠡᠵᠤ ᠬᠡᠯᠡᠪᠡ᠃      ᠸᠠᠩ ᠵᠢᠶᠠᠨ ᠵᠢᠶᠦ᠋ᠨ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠦᠬᠦ ᠮᠤᠵᠢ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠮᠦᠨ᠎ᠡ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠵᠢᠯ ᠤᠨ ᠲᠤᠷᠰᠢ ᠬᠥᠬᠡᠨᠠᠭᠤᠷ ᠲᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠠᠲᠤᠨ ᠭᠤᠤᠯ ᠥᠪᠥᠷ ᠮᠣᠩᠭᠤᠯ ᠬᠥᠬᠡᠨᠠᠭᠤᠷ ᠬᠤᠶᠠᠷ ᠭᠠᠵᠠᠷ ᠢ ᠨᠢᠭᠲᠠ ᠬᠤᠯᠪᠣᠵᠤ ᠪᠠᠶᠢᠳᠠᠭ᠂ ᠶᠡᠷᠦᠩᠬᠡᠶ ᠱᠦᠵᠢ ᠰᠢ ᠶᠢᠨ ᠫᠢᠩ ᠤᠨ ᠵᠢᠷᠤᠭᠯᠠᠭᠰᠠᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠠᠤᠭ᠎ᠠ ᠶᠡᠭᠡ ᠵᠢᠷᠤᠭ ᠲᠥᠯᠥᠪᠯᠡᠭᠡ ᠨᠢ ᠰᠢᠨ᠎ᠡ ᠴᠠᠭ ᠦᠶ᠎ᠡ ᠶᠢᠨ ᠥᠪᠥᠷ ᠮᠣᠩᠭᠤᠯ ᠬᠥᠬᠡᠨᠠᠭᠤᠷ ᠬᠤᠶᠠᠷ ᠭᠠᠵᠠᠷ ᠤᠨ ᠬᠠᠮᠲᠤᠷᠠᠯᠴᠠᠨ ᠬᠥᠭᠵᠢᠬᠦ ᠳᠤ ᠴᠢᠬᠤᠯᠠ ᠶᠡᠭᠡ ᠲᠡᠦᠬᠡᠨ ᠠᠵᠠ ᠲᠣᠬᠢᠶᠠᠯ ᠬᠠᠩᠭᠠᠪᠠ᠃ ᠥᠪᠥᠷ ᠮᠣᠩᠭᠤᠯ ᠪᠠ ᠬᠥᠬᠡᠨᠠᠭᠤᠷ ᠴᠥᠮ ᠳᠥᠷᠪᠡᠨ ᠶᠡᠭᠡ ᠮᠠᠯᠵᠢᠬᠤ ᠣᠷᠣᠨ ᠳᠤ ᠬᠠᠷᠢᠶᠠᠯᠠᠭᠳᠠᠵᠤ᠂ ᠴᠥᠮ ᠳᠥᠷᠪᠡᠨ ᠶᠡᠭᠡ ᠥᠨᠳᠦᠷᠯᠢᠭ ᠲᠤ ᠪᠠᠶᠢᠵᠤ᠂ ᠴᠥᠮ ᠮᠠᠨ ᠤ ᠤᠯᠤᠰ ᠤᠨ ᠦᠨᠳᠦᠰᠦᠲᠡᠨ ᠤ ᠶᠡᠭᠡ ᠮᠤᠵᠢ᠂ ᠴᠥᠮ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠤᠨ᠎ᠠ᠂ ᠬᠤᠶᠠᠷ ᠭᠠᠵᠠᠷ ᠤᠨ ᠬᠠᠷᠢᠴᠠᠭ᠎ᠠ ᠮᠠᠰᠢ ᠣᠶᠢᠷ᠎ᠠ ᠪᠥᠭᠡᠳ ᠭᠦᠨ ᠵᠤᠵᠠᠭᠠᠨ ᠪᠠᠶᠢᠳᠠᠭ᠃ ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠡᠭᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ︾ ᠶᠢ ᠪᠠᠷᠢᠮᠲᠠᠯᠠᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠶᠢ ᠠᠬᠢᠭᠤᠯᠵᠤ᠂ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃ ᠪᠢᠳᠡ ᠥᠪᠥᠷ ᠮᠣᠩᠭᠤᠯ ᠤᠨ ᠬᠢᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠤᠷᠤᠯᠴᠠᠨ ᠲᠣᠯᠢ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠥᠬᠡᠨᠠᠭᠤᠷ ᠲᠤ ᠳᠤᠷᠠᠳᠤᠭᠰᠠᠨ ︽ᠭᠤᠷᠪᠠᠨ ᠬᠠᠮᠤᠭ ᠤᠨ ᠶᠡᠭᠡ︾ ᠰᠢᠨᠵᠢᠯᠡᠬᠦ ᠤᠬᠠᠭᠠᠨᠴᠢ ᠪᠠᠶᠢᠷᠢ ᠲᠣᠭᠲᠠᠭᠠᠯᠲᠠ ᠪᠠ ᠬᠥᠬᠡᠨᠠᠭᠤᠷ ᠤᠨ ︽ᠭᠤᠷᠪᠠᠨ ᠠᠮᠤᠷ ᠲᠦᠪᠰᠢᠨ︾ ᠳᠤ ᠨᠠᠩ ᠴᠢᠬᠤᠯᠠ ᠪᠠᠶᠢᠷᠢ ᠰᠠᠭᠤᠷᠢ ᠣᠯᠭᠤᠭᠰᠠᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠥᠬᠡᠨᠠᠭᠤᠷ ᠮᠤᠵᠢ ᠶᠢᠨ ᠪᠠᠶᠢᠳᠠᠯ ᠳᠤ ᠵᠣᠬᠢᠴᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠨ᠎ᠡ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠢᠨ᠎ᠡ ᠱᠠᠲᠤ ᠦᠶ᠎ᠠ ᠳᠤ ᠬᠦᠴᠦ ᠪᠠᠨ ᠲᠥᠪᠯᠡᠷᠡᠭᠦᠯᠦᠨ᠂ ᠰᠢᠨ᠎ᠡ ᠠᠶᠠᠨ ᠳᠠᠭᠠᠨ ᠡᠷᠡᠮᠡᠭᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠠᠮᠲᠤ ᠪᠠᠷ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃
5.jpg
6.jpg     
      ᠬᠤᠶᠠᠷ ᠮᠤᠵᠢ ᠦᠪᠡᠷᠳᠡᠬᠡᠨ ᠵᠠᠰᠬᠠᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ