ᠱᠢ ᠲᠠᠢ ᠹᠧᠩ ᠦᠬᠠᠢ ᠬᠤᠳᠠ ᠪᠣᠯᠤᠨ ᠠᠯᠠᠱᠠ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠠᠮᠢ ᠠᠬᠤᠢ ᠶᠢᠨ ᠬᠠᠮᠠᠭᠠᠯᠠᠯᠳᠠ ᠵᠠᠰᠠᠯᠲᠠ ᠶᠢ ᠡᠷᠡᠰ ᠬᠦᠴᠦᠲᠡᠢ ᠠᠳᠬᠤᠵᠦ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/10/13

      10 ᠰᠠᠷ᠎ᠠ ᠶᠢᠨ 9 ᠠᠴᠠ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠠᠶᠢᠨᠠᠨ ᠲᠣᠭᠤᠷᠢᠭ᠂ ᠬᠠᠶᠢᠷᠤᠪ ᠤᠨ ᠲᠣᠬᠤᠢ ᠲᠣᠭᠤᠷᠢᠭ᠂ ᠤᠳᠠ ᠲᠣᠭᠤᠷᠢᠭ ᠪᠠ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠠᠰ ᠤᠨ ᠨᠡᠭᠡᠭᠡᠯᠳᠡ ᠶᠢᠨ ᠲᠣᠭᠤᠷᠢᠭ᠂ ᠡᠵᠡᠨ᠎ᠡ ᠬᠤᠰᠢᠭᠤ ᠳᠤ ᠬᠦᠨᠵᠡᠭᠡᠶᠢᠷᠡᠵᠦ ᠠᠮᠢ ᠠᠬᠤᠶ ᠶᠢᠨ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠡᠷᠡᠰ ᠰᠠᠶᠢᠲᠤᠷ ᠠᠳᠬᠤᠵᠦ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠯᠡᠨ ᠠᠬᠢᠭᠤᠯᠵᠦ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠵᠦ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠲᠠᠭᠤᠨ ᠢᠶᠠᠷ ᠰᠠᠶᠢᠲᠤᠷ ᠵᠠᠮᠨᠠᠬᠤ ᠭᠡᠷᠡᠭᠲᠡᠢ ᠭᠡᠵᠦ ᠴᠢᠬᠤᠯᠠᠴᠢᠯᠠᠪᠠ᠃


10131.jpg


10132.jpg


      ᠱᠢ ᠲᠠᠢ ᠹᠧᠩ ᠡᠩ ᠲᠡᠷᠢᠭᠦᠨ ᠳᠤ ᠬᠤᠸᠠ ᠨᠧᠩ ᠬᠠᠶᠢᠷᠤᠪ ᠤᠨ ᠲᠣᠬᠤᠶ ᠶᠢᠨ ᠴᠠᠬᠢᠯᠭᠠᠨ ᠭᠠᠷᠭᠠᠬᠤ ᠦᠢᠯᠡᠳᠪᠦᠷᠢ ᠳᠤ ᠬᠦᠷᠴᠦ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠲᠠᠰᠤᠭ ᠪᠠ ᠲᠤᠭᠤᠰᠤ ᠰᠢᠢᠳᠪᠤᠷᠢᠯᠡᠬᠦ ᠲᠠᠯᠠᠪᠠᠶ ᠳᠤ ᠭᠦᠨᠵᠡᠭᠡᠶᠢᠷᠡᠨ᠂ ᠬᠦᠬᠦᠷ ᠥᠬᠡᠶᠢᠳᠡᠭᠦᠯᠦᠭᠰᠡᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ᠂ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠶᠢ ᠨᠤᠷᠠᠭᠠᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠵᠢᠴᠢ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠲᠡᠷᠡ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ᠂ ᠡᠯ᠎ᠡ ᠭᠠᠵᠠᠷ ᠤᠨ ᠬᠢᠨ ᠡᠷᠬᠡᠪᠰᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠶ ᠰᠠᠶᠢᠲᠤᠷ ᠠᠳᠬᠤᠬᠤ ᠬᠡᠷᠡᠭᠲᠡᠶ᠃ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠡᠷᠬᠡᠪᠰᠢ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠯ᠎ᠠ ᠠᠴᠠ ᠬᠢᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠡᠷᠡᠰ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠭᠦᠨᠵᠡᠭᠡᠢ ᠰᠤᠷᠭᠠᠮᠵᠢ ᠠᠪᠴᠤ᠂ ᠰᠠᠨᠠᠭᠠᠴᠢᠯᠠᠭᠠᠳᠤ ᠪᠤᠰᠤ ᠪᠠᠷ ᠴᠡᠭᠴᠡᠯᠡᠨ ᠰᠠᠶᠢᠵᠢᠷᠠᠭᠤᠯᠬᠤ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠢᠭᠡ ᠠᠴᠠ ᠨᠦᠬᠦᠭᠡ ᠶᠢ ᠵᠦᠢᠴᠢᠯᠡᠡ ᠮᠡᠳᠡᠵᠦ ᠠᠵᠢᠯ ᠤᠨ ᠳᠤᠮᠳᠠᠬᠢ ᠳᠤᠲᠠᠭᠤᠳᠠᠯ ᠪᠣᠯᠤᠨ ᠵᠦᠷᠢᠶ᠎ᠡ ᠲᠠᠢ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠡᠷᠢᠵᠦ᠂ ᠡᠯ᠎ᠡ ᠲᠦᠷᠦᠯ ᠤᠨ ᠭᠡᠮ ᠰᠣᠭᠤᠭ ᠪᠣᠯᠤᠨ ᠠᠰᠠᠭᠤᠳᠠᠯ ᠢ ᠪᠠᠶᠢᠩᠭᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃ ᠱᠢ ᠲᠠᠢ ᠹᠧᠩ ᠲᠡᠮᠡᠭᠡᠲᠦ ᠠᠭᠤᠯᠠ ᠶᠢᠨ ᠠᠭᠤᠷᠬᠠᠶ ᠶᠢᠨ ᠣᠷᠣᠨ ᠳᠤ ᠬᠦᠷᠴᠦ᠂ ᠠᠭᠤᠷᠬᠠᠶ ᠶᠢᠨ ᠣᠷᠣᠨ ᠤ ᠵᠠᠰᠠᠯᠲᠠ ᠶᠢ ᠠᠬᠢᠭᠤᠯᠵᠤ ᠪᠠᠶᠢᠭ᠎ᠠ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠪᠠ᠃ ᠲᠡᠷᠡ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠨᠢ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠥᠬᠡᠶ ᠨᠠᠩ ᠴᠤ ᠣᠷᠣᠨ ᠪᠦᠰᠡ ᠶᠢᠨ ᠠᠮᠢ ᠠᠬᠤᠶ ᠶᠢᠨ ᠰᠢᠰᠲ᠋ᠧᠮ ᠢ ᠵᠠᠰᠠᠨ ᠰᠡᠷᠭᠦᠭᠡᠬᠦ ᠠᠰᠠᠭᠤᠳᠠᠯ ᠢ ᠰᠢᠢᠳᠪᠦᠷᠢᠯᠡᠨ᠎ᠡ᠂ ᠶᠡᠷᠦᠩᠬᠡᠶᠢᠯᠡᠨ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ ᠶᠢ ᠴᠢᠩᠭᠠᠳᠬᠠᠵᠤ᠂ ᠡᠨᠡ ᠬᠦ ᠠᠵᠢᠯ ᠢ ᠦᠨᠡᠨ ᠪᠣᠳᠠᠲᠠᠶ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠶ᠂ ᠶᠠᠭᠠᠬᠢᠭᠰᠠᠨ ᠴᠤ ᠦᠵᠡᠬᠦ ᠳᠤ ᠰᠠᠶᠢᠬᠠᠨ ᠢ ᠪᠤᠳᠤᠵᠤ ︽ᠲᠡᠭᠡᠳᠤ ᠲᠡᠰ ᠤᠨ᠂ ᠰᠦᠷᠯᠢᠭ᠂ ᠶᠡᠭᠡ︾ ᠦᠩᠬᠡᠨ ᠲᠠᠯ᠎ᠠ ᠶᠢᠨ ᠢᠨᠵᠧᠨᠧᠷᠢᠩ ᠢ ᠪᠠᠶᠢᠭᠤᠯᠵᠤ ᠪᠣᠯᠬᠤ ᠥᠬᠡᠶ᠃ ᠠᠭᠤᠷᠬᠠᠢ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠶᠢ ᠨᠡᠶᠢᠳᠬᠡᠬᠦ ᠶᠢ ᠠᠬᠢᠭᠤᠯᠵᠤ᠂ ᠪᠠᠭ᠎ᠠ᠂ ᠡᠮᠬᠢ ᠵᠠᠮᠪᠠᠷᠠᠭ᠎ᠠ ᠦᠭᠡᠢ᠂ ᠲᠠᠷᠠᠬᠠᠢ ᠪᠤᠲᠠᠷᠬᠠᠢ᠂ ᠪᠣᠬᠢᠷᠲᠤᠯ ᠲᠠᠢ ᠠᠵᠤ ᠠᠬᠤᠶᠢᠯᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ︽ᠬᠡᠨ ᠡᠪᠳᠡᠪᠡᠯ ᠬᠡᠨ ᠰᠡᠷᠭᠦᠭᠡᠨ ᠵᠠᠰᠠᠬᠤ︾ ᠵᠠᠷᠴᠢᠮ ᠶᠣᠰᠣᠭᠠᠷ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠤ ᠠᠭᠤᠷᠬᠠᠢ ᠶᠢᠨ ᠣᠷᠣᠨ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠬᠦ ᠶᠢ ᠱᠠᠯᠠᠪᠳᠠᠭᠤᠯᠤᠨ ᠠᠬᠢᠭᠤᠯᠵᠤ᠂ ᠵᠠᠰᠠᠯᠲᠠ ᠶᠢᠨ ᠰᠡᠳᠬᠢᠮᠵᠢ ᠪᠠᠨ ᠲᠡᠭᠦᠯᠳᠡᠷᠵᠢᠭᠦᠯᠵᠦ᠂ ᠵᠠᠰᠠᠯᠲᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠣᠬᠢᠷᠲᠤᠯ ᠢ ᠴᠠᠭ ᠲᠤᠬᠠᠢ ᠳᠤᠨᠢ ᠪᠦᠲᠦᠮᠵᠢᠲᠡᠢ ᠵᠠᠰᠠᠵᠤ᠂ ᠠᠮᠢ ᠠᠬᠤᠢ ᠶᠢ ᠰᠡᠷᠭᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃


10133.jpg


10134.jpg


      ᠱᠢ ᠲᠠᠢ ᠹᠧᠩ ᠬᠠᠶ ᠢ ᠲᠦᠩ ᠰᠢᠨ᠎ᠡ ᠡᠨᠧᠷᠭᠢ ᠶᠢᠨ ᠮᠠᠰᠢᠨ ᠲᠡᠷᠭᠡ᠂ ᠳ᠋ᠦᠩ ᠶᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠢᠨ ᠨᠦᠩ ᠵᠢᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠰᠢ ᠱᠠᠩ ᠰᠢ ᠰᠢᠨ᠎ᠡ ᠮᠠᠲ᠋ᠧᠷᠢᠶᠠᠯ᠂ ᠳᠤᠮᠳᠠᠳᠤ ᠶᠢᠨ ᠳᠠᠪᠤᠰᠤ ᠶᠢ ᠬᠢᠮᠢᠵᠢᠬᠦᠯᠬᠦ ᠠᠵᠤ ᠦᠢᠯᠡᠳᠪᠦᠷᠢ᠂ ᠰᠢᠨ ᠬᠤᠤ ᠡᠮ ᠡᠮᠨᠡᠯᠭᠡ᠂ ᠴᠧᠩ ᠰᠢᠨ ᠶᠦᠩ ᠠᠨ ᠬᠢᠮᠢ ᠶᠢᠨ ᠠᠵᠤ ᠦᠢᠯᠡᠳᠪᠦᠷᠢ ᠵᠡᠷᠭᠡ ᠺᠣᠮᠫᠠᠨᠢ ᠳᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠢᠯᠡᠳᠬᠦᠨ ᠤ ᠰᠤᠳᠤᠯᠤᠨ ᠨᠡᠭᠡᠭᠡᠯᠲᠡ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠠᠵᠤ ᠦᠢᠯᠡᠰ ᠢ ᠤᠷᠲᠤᠳᠬᠠᠨ ᠲᠠᠰ ᠳᠡᠪᠰᠢᠭᠦᠯᠬᠦ᠂ ᠠᠵᠤ ᠠᠬᠤᠶᠢᠯᠠᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠦᠢᠯᠡᠰ ᠤᠨ ᠬᠡᠯᠬᠢᠶ᠎ᠡ ᠤᠯᠠᠮ ᠴᠢᠨᠠᠭᠰᠢᠳᠠ ᠤᠷᠳᠤᠳᠬᠤ ᠲᠤᠳᠤᠮ ᠦᠢᠯᠡᠳᠬᠦᠨ ᠤ ᠨᠡᠮᠡᠯᠲᠡ ᠦᠷᠳᠡᠭ ᠨᠢ ᠰᠠᠶ᠋ᠢ ᠤᠯᠠᠮ ᠥᠨᠳᠥᠷ ᠪᠤᠯᠵᠦ᠂ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠴᠤ ᠤᠯᠠᠮ ᠳᠣᠣᠷ᠎ᠠ ᠪᠣᠯᠤᠨ᠎ᠠ᠃ ᠨᠠᠮ ᠤᠨ ᠲᠥᠪ ᠬᠤᠷᠢᠶᠠᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠡᠩ ᠶᠡᠭᠡ ᠡᠷᠴᠢ ᠵᠣᠷᠢᠭ᠂ ᠨᠡᠩ ᠶᠡᠭᠡ ᠡᠷᠴᠢᠮ ᠢᠶᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠶᠡᠭᠡ ᠪᠠᠷ ᠠᠬᠢᠭᠤᠯᠵᠤ᠂ ᠰᠢᠨ᠎ᠡ ᠶᠢ ᠡᠭᠦᠳᠬᠦ ᠪᠠᠷ ᠬᠦᠳᠦᠯᠥᠨ ᠳᠠᠭᠠᠭᠤᠯᠬᠤ ᠶᠢ ᠴᠢᠩᠭᠠᠳᠬᠠᠵᠤ᠂ ᠣᠨᠢᠨ ᠲᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠵᠤ ᠦᠢᠯᠡᠰ ᠢ ᠢᠵᠢ ᠪᠦᠷᠢᠳᠦᠬᠦᠯᠬᠦ ᠶᠢ ᠰᠠᠶᠢᠲᠤᠷ ᠬᠢᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ ᠲᠡᠷᠡ᠂ ᠥᠪᠥᠷ ᠮᠣᠩᠭᠤᠯ ᠶᠠᠭ ᠡᠨᠧᠷᠭᠢ ᠶᠢᠨ ᠪᠦᠲᠦᠴᠡ ᠳᠤ ᠶᠡᠭᠡ ᠪᠠᠷ ᠲᠣᠬᠢᠷᠠᠭᠤᠯᠤᠯᠲᠠ ᠬᠢᠵᠦ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ ᠪᠣᠶ᠂ ᠣᠷᠣᠨ ᠨᠤᠲᠤᠭ ᠪᠣᠯᠤᠨ ᠠᠵᠤ ᠠᠬᠤᠶᠢᠯᠠᠯ ᠴᠥᠮ ᠪᠠᠶᠢᠯᠳᠤᠬᠤ ᠪᠣᠳᠣᠯᠭ᠎ᠠ ᠶᠢᠨ ᠬᠠᠷᠠᠭᠠᠰᠤ ᠶᠢ ᠪᠣᠶ ᠪᠣᠯᠭᠠᠵᠤ᠂ ᠤᠯᠠᠮᠵᠢᠯᠠᠯᠲᠤ ᠰᠡᠳᠬᠢᠬᠦᠶ ᠶᠢ ᠡᠪᠳᠡᠨ᠂ ᠠᠵᠠ ᠲᠣᠬᠢᠶᠠᠯ ᠢ ᠠᠮᠵᠢᠨ ᠠᠵᠤ ᠦᠢᠯᠡᠰ ᠢ ᠲᠥᠯᠥᠪᠵᠢᠭᠦᠯᠵᠦ᠂ ᠲᠥᠷᠥᠯ ᠵᠦᠢᠯ ᠢ ᠪᠠᠶᠢᠷᠢᠰᠢᠭᠤᠯᠤᠨ᠂ ᠰᠢᠨ᠎ᠡ ᠡᠨᠧᠷᠭᠢ ᠶᠢᠨ ᠴᠠᠭ ᠦᠶ᠎ᠡ ᠶᠢᠨ ᠠᠵᠤ ᠦᠢᠯᠡᠰ ᠤᠨ ᠥᠷᠢᠰᠥᠯᠳᠦᠬᠦ ᠬᠦᠴᠦᠨ ᠢ ᠪᠤᠶᠢᠵᠢᠭᠤᠯᠤᠨ ᠪᠣᠶ ᠪᠣᠯᠭᠠᠬᠤ ᠬᠡᠷᠡᠭᠲᠡᠶ᠃ ᠣᠳᠣᠬᠠᠨ ᠤ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠪᠦᠲᠦᠮᠵᠢᠲᠡᠶ ᠬᠤᠭᠤᠴᠠᠭ᠎ᠠ ᠶᠢ ᠴᠢᠩᠭ᠎ᠠ ᠠᠳᠬᠤᠵᠤ᠂ ᠦᠢᠯᠡᠳᠪᠦᠷᠢᠯᠡᠯ ᠤᠨ ᠠᠶᠤᠯᠬᠦᠢ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ ᠭᠡᠵᠦ ᠵᠢᠭᠠᠵᠦ ᠭᠠᠷᠭᠠᠵᠠᠢ᠃ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠰᠢᠨᠵᠢᠯᠡᠨ ᠪᠠᠶᠢᠴᠠᠭᠠᠬᠤ ᠳᠠᠭᠠᠨ᠂ ᠱᠢ ᠲᠠᠢ ᠹᠧᠩ᠂ ᠠᠯᠠᠱᠠ ᠠᠶᠢᠮᠠᠭ ᠤᠨ ᠨᠤᠲᠤᠭ ᠳᠡᠪᠢᠰᠬᠡᠷ ᠬᠡᠳᠦ᠋ᠢᠪᠡᠷ ᠥᠷᠭᠡᠨ ᠠᠭᠤᠳᠠᠮ ᠪᠣᠯᠪᠠᠴᠤ ᠠᠮᠢ ᠠᠬᠤᠶ ᠣᠷᠴᠢᠨ ᠲᠣᠭᠤᠷᠢᠨ ᠲᠦᠢᠯ ᠤᠨ ᠬᠡᠪᠡᠷᠡᠭ ᠶᠤᠮ᠂ ᠠᠵᠤ ᠦᠢᠯᠡᠰ ᠢ ᠬᠥᠭᠵᠢᠭᠦᠯᠬᠦ ᠳᠤ ᠶᠠᠭᠠᠬᠢᠬᠰᠠᠨ ᠴᠤ ᠭᠠᠵᠠᠷ ᠣᠷᠣᠨ ᠤ ᠪᠣᠳᠠᠲᠤ ᠪᠠᠶᠢᠳᠠᠯ ᠠᠴᠠ ᠰᠠᠯᠵᠤ᠂ ᠳᠠᠭᠠᠭᠠᠴᠠ ᠶᠢᠨ ᠴᠢᠳᠠᠪᠤᠷᠢ ᠠᠴᠠ ᠳᠠᠪᠠᠵᠤ ᠪᠣᠯᠬᠤ ᠥᠬᠡᠶ᠃ ᠠᠵᠤ ᠦᠢᠯᠡᠰ ᠢᠯᠠᠩᠭᠤᠶ᠎ᠠ ᠠᠵᠤ ᠦᠢᠯᠡᠳᠪᠦᠷᠢ ᠶᠢᠨ ᠬᠥᠭᠵᠢᠯᠲᠡ ᠶᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ ᠲᠤᠭᠤᠷᠢᠭ ᠲᠤ ᠲᠥᠪᠯᠡᠷᠡᠭᠦᠯᠦᠨ᠂ ︽ᠳᠡᠭᠡᠳᠦ︾ ᠪᠠ ︽ᠰᠢᠨ᠎ᠡ︾ ᠬᠡᠬᠦ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ ᠠᠵᠤ ᠦᠢᠯᠡᠰ ᠢ ᠠᠳᠬᠤᠵᠤ᠂ ᠲᠦᠷᠦᠯ ᠵᠦᠢᠯ ᠢ ᠬᠡᠷᠡᠭᠵᠢᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃


10135.jpg


10136.jpg


10137.jpg


10138.jpg


10139.jpg


101310.jpg


101311.jpg


      ᠠᠮᠢ ᠠᠬᠤᠶ ᠶᠢᠨ ᠵᠢᠭᠤᠯᠴᠢᠯᠠᠯ ᠢ ᠬᠡᠷᠬᠢᠨ ᠲᠠᠰ ᠳᠡᠪᠰᠢᠭᠦᠯᠬᠦ ᠶᠢ ᠱᠢ ᠲᠠᠢ ᠹᠧᠩ ᠲᠦᠢᠯ ᠢᠶᠠᠷ ᠠᠩᠬᠠᠷᠴᠤ ᠪᠠᠶᠢᠯ᠎ᠠ᠃ ᠲᠡᠷᠡ ᠣᠩᠭᠤᠴᠠᠨ ᠳᠤ ᠰᠠᠭᠤᠵᠤ ᠦᠬᠠᠢ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠲᠡᠷᠡ᠂ ᠦᠬᠠᠶ ᠬᠤᠲᠠ ᠡᠯᠡᠰᠦ ᠨᠠᠭᠤᠷ ᠬᠠᠷᠢᠯᠴᠠᠨ ᠲᠦᠰᠢᠯᠴᠡᠵᠦ᠂ ᠠᠭᠤᠯᠠ ᠬᠤᠲᠠ ᠬᠠᠷᠢᠯᠴᠠᠨ ᠬᠤᠯᠪᠣᠯᠳᠤᠵᠤ ᠪᠠᠶᠢᠳᠠᠭ ᠠᠴᠠ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠳᠤ ᠲᠣᠰ ᠭᠠᠵᠠᠷ ᠤᠨ ᠣᠨᠴᠠᠯᠢᠭ ᠢ ᠳᠣᠪᠤᠶᠢᠯᠭᠠᠵᠤ᠂ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠭᠤᠯᠠ᠂ ᠤᠰᠤ᠂ ᠡᠯᠡᠰᠦ ᠶᠢ ᠤᠶᠠᠯᠳᠤᠭᠤᠯᠤᠨ ᠨᠢᠭᠡᠳᠦᠯᠲᠡᠶ ᠲᠥᠯᠥᠪᠵᠢᠭᠦᠯᠦᠨ ᠵᠢᠷᠤᠵᠤ ᠲᠥᠯᠥᠪᠯᠡᠵᠦ᠂ ᠨᠢᠭᠡ ᠪᠦᠯᠦᠭ ᠰᠣᠳᠣᠨ ᠵᠢᠭᠤᠯᠴᠢᠯᠠᠯ ᠤᠨ ᠲᠥᠷᠥᠯ ᠵᠦᠢᠯ ᠢ ᠨᠠᠷᠢᠨ ᠨᠢᠮᠪᠠᠶ ᠲᠥᠰᠦᠪᠯᠡᠨ ᠭᠠᠷᠭᠠᠵᠤ᠂ ᠵᠢᠭᠤᠯᠴᠢᠯᠠᠯ ᠤᠨ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠶᠢᠨ ᠬᠤᠪᠢᠷᠠᠯᠲᠠ ᠳᠤ ᠢᠳᠡᠪᠬᠢᠲᠡᠢ ᠵᠣᠬᠢᠴᠠᠵᠤ᠂ ᠵᠢᠭᠤᠯᠴᠢᠯᠠᠯ ᠤᠨ ᠬᠦᠯᠢᠶᠡᠨ ᠠᠪᠬᠤ ᠴᠢᠳᠠᠪᠤᠷᠢ ᠪᠠ ᠦᠢᠯᠡᠴᠢᠯᠡᠬᠦ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ᠤᠯᠠᠨ ᠬᠥᠮᠦᠨ ᠤ ᠵᠢᠭᠤᠯᠴᠢᠯᠠᠯ ᠤᠨ ᠬᠡᠷᠡᠭᠯᠡᠭᠡ ᠶᠢ ᠲᠠᠲᠠᠬᠤ ᠬᠡᠷᠡᠭᠲᠡᠢ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠬᠠᠮᠢᠶᠠᠷᠤᠯᠲᠠ ᠶᠢ ᠴᠢᠩᠭᠠᠳᠬᠠᠵᠤ᠂ ᠠᠭᠤᠯᠠ ᠶᠢ ᠲᠦᠰᠢᠵᠤ᠂ ᠤᠰᠤ ᠲᠠᠢ ᠨᠢᠭᠤᠷᠯᠠᠬᠰᠠᠨ ᠪᠠᠷᠢᠯᠭ᠎ᠠ ᠶᠢᠨ ᠥᠨᠳᠥᠷ ᠤᠨ ᠬᠡᠮᠵᠢᠶ᠎ᠡ ᠶᠢ ᠪᠠᠶᠢᠭᠠᠯᠢ ᠶᠢᠨ ᠦᠵᠡᠮᠵᠢ ᠯᠦᠭᠡ ᠠᠪᠤᠴᠠᠯᠳᠤᠭᠤᠯᠬᠤ ᠬᠡᠷᠡᠭᠲᠡᠶ᠂ ᠬᠤᠲᠠ ᠶᠢᠨ ᠪᠦᠬᠦᠯᠢ ᠴᠤᠭᠴᠠᠲᠤ ᠪᠦᠲᠦᠴᠡ ᠶᠢ ᠡᠪᠳᠡᠵᠦ ᠪᠣᠯᠬᠤ ᠦᠭᠡᠶ ᠭᠡᠵᠦ ᠵᠢᠭᠠᠵᠤ ᠭᠠᠷᠭᠠᠪᠠ᠃ ᠦᠬᠠᠢ ᠨᠠᠭᠤᠷ ᠲᠤ ᠠᠮᠠᠷᠬᠠᠨ ᠰᠢᠪᠠᠷ ᠰᠢᠷᠣᠶ ᠬᠤᠷᠠᠬᠤ ᠠᠰᠠᠭᠤᠳᠠᠯ ᠳᠤ ᠴᠢᠭᠯᠡᠭᠦᠯᠦᠨ᠂ ᠲᠡᠷᠡ ᠲᠤᠬᠠᠶ ᠶᠢᠨ ᠭᠠᠵᠠᠷ ᠤᠨ ᠬᠢᠨ ᠰᠢᠪᠠᠷ ᠰᠢᠷᠣᠶ ᠶᠢ ᠴᠡᠪᠡᠷᠯᠡᠬᠦ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠲᠡᠬᠡᠨ ᠲᠥᠯᠥᠪᠵᠢᠭᠦᠯᠵᠦ᠂ ᠡᠷᠲᠡᠬᠡᠨ ᠬᠥᠳᠡᠯᠦᠯᠴᠡᠵᠦ᠂ ᠰᠢᠰᠲ᠋ᠧᠮᠵᠢᠭᠦᠯᠦᠨ ᠵᠠᠰᠠᠬᠤ ᠶᠢ ᠴᠢᠩᠭᠠᠳᠬᠠᠬᠤ ᠬᠡᠷᠡᠭᠲᠡᠢ ᠭᠡᠵᠦ ᠵᠠᠬᠢᠪᠠ᠃ ᠱᠢ ᠲᠠᠢ ᠹᠧᠩ ᠡᠷᠲᠡᠨ ᠤ ᠰᠤᠪᠠᠨᠠᠭᠤᠷ ᠤᠨ ᠨᠠᠮᠤᠭ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠪᠣᠯᠤᠨ ᠡᠵᠡᠨ᠎ᠡ ᠶᠢᠨ ᠲᠤᠤᠷᠠᠶ ᠶᠢᠨ ᠣᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠭᠦᠨᠵᠡᠭᠡᠶᠢᠷᠡᠵᠦ᠂ ᠠᠮᠢ ᠠᠬᠤᠶ ᠶᠢᠨ ᠬᠠᠮᠠᠭᠠᠯᠠᠯᠲᠠ ᠪᠣᠯᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠮᠢ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠪᠣᠯ ᠠᠯᠲᠠ ᠮᠥᠩᠭᠦᠨ ᠠᠭᠤᠯᠠ ᠶᠢ ᠰᠠᠬᠢᠨ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠢᠮᠠᠭᠲᠠ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠬᠠᠮᠠᠭᠠᠯᠠᠯᠲᠠ ᠶᠢ ᠦᠨᠡᠨ ᠬᠦ ᠴᠢᠩᠭᠠᠳᠬᠠᠬᠤ ᠤᠷᠢᠲᠠᠯ ᠳᠤᠤᠷ᠎ᠠ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠬᠡᠷᠡᠭᠲᠡᠶ᠃ ᠡᠷᠲᠡᠨ ᠤ ᠰᠤᠪᠠᠨᠠᠭᠤᠷ ᠤᠨ ᠨᠠᠮᠤᠭ ᠭᠠᠵᠠᠷ ᠤᠨ ᠲᠡᠦᠬᠡ ᠰᠣᠶᠣᠯ ᠤᠨ ᠦᠯᠢᠭᠡᠷ ᠢᠯᠠᠩᠭᠤᠶ᠎ᠠ ᠦᠨᠳᠦᠰᠦᠲᠡᠨ ᠤ ᠠᠭᠤᠰᠤᠯᠴᠠᠯ ᠤᠨ ᠲᠡᠦᠬᠡᠨ ᠪᠣᠳᠠᠲᠤ ᠬᠡᠷᠡᠭ ᠢ ᠰᠠᠶᠢᠲᠤᠷ ᠠᠭᠤᠳᠠᠯᠤᠨ᠂ ᠲᠣᠳᠣᠷᠬᠠᠢ ᠶᠠᠷᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ ᠲᠤᠤᠷᠠᠶ ᠶᠢᠨ ᠣᠶ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠵᠡᠷᠭᠡ ᠵᠢᠭᠤᠯᠴᠢᠯᠠᠯ ᠤᠨ ᠲᠥᠷᠥᠯ ᠲᠡᠮᠳᠡᠭ ᠢ ᠨᠠᠷᠢᠨ ᠨᠢᠮᠪᠠᠶ ᠰᠠᠶᠢᠲᠤᠷ ᠬᠠᠮᠠᠭᠠᠯᠠᠵᠤ᠂ ᠰᠡᠳᠬᠢᠬᠦᠶ ᠪᠠ ᠣᠶᠢᠯᠠᠭᠠᠭᠳᠠᠬᠤᠨ ᠢᠶᠠᠨ ᠦᠨᠡᠨ ᠬᠦ ᠬᠤᠪᠢᠷᠠᠭᠤᠯᠵᠤ᠂ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠨ ᠳᠠᠭᠠᠭᠤᠯᠬᠤ᠂ ᠣᠨᠣᠴᠠᠳᠠᠢ ᠪᠠᠷ ᠪᠠᠶᠢᠷᠢ ᠲᠣᠭᠲᠠᠭᠠᠬᠤ ᠶᠢ ᠪᠠᠷᠢᠮᠲᠠᠯᠠᠵᠤ᠂ ᠲᠤᠰᠬᠠᠶᠢᠵᠢᠭᠰᠠᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠥᠪᠡᠷᠮᠢᠴᠡ ᠣᠨᠴᠠᠯᠢᠭ ᠢᠶᠠᠷ ᠢᠯᠡ ᠲᠣᠳᠣ ᠦᠢᠯᠡᠳᠬᠦᠨ ᠪᠠ ᠦᠢᠯᠡᠴᠢᠯᠡᠭᠡ ᠶᠢ ᠢᠳᠡᠪᠬᠢᠲᠡᠶ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠵᠥᠭᠡᠯᠡᠨ ᠪᠠ ᠬᠠᠲᠠᠭᠤ ᠲᠣᠨᠤᠭ ᠤᠨ ᠢᠵᠢ ᠪᠦᠷᠢᠳᠦᠭᠦᠯᠬᠦ ᠪᠠᠶᠢᠭᠤᠯᠤᠯᠲᠠ ᠶᠢ ᠴᠢᠩᠭᠠᠳᠬᠠᠵᠤ᠂ ᠵᠢᠭᠤᠯᠴᠢᠯᠠᠭᠰᠠᠳ ᠢ ᠢᠷᠡᠬᠦ ᠳᠤᠷᠠᠲᠠᠶ ᠪᠦᠬᠡᠳ ᠤᠳᠠᠭᠠᠨ ᠰᠠᠭᠤᠯᠭᠠᠵᠤ ᠴᠢᠳᠠᠬᠤ ᠪᠣᠯᠭᠠᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠨᠠᠩ ᠣᠯᠠᠨ ᠪᠣᠳᠠᠲᠤ ᠠᠰᠢᠭ ᠬᠦᠷᠲᠡᠭᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠪᠠᠶᠠᠨ ᠲᠤᠤᠷᠠᠢ ᠰᠤᠮᠤ ᠳᠤ᠂ ᠱᠢ ᠲᠠᠢ ᠹᠧᠩ ᠭᠠᠴᠠᠭ᠎ᠠ ᠪᠠᠷ ᠬᠦᠷᠴᠦ᠂ ᠮᠠᠯᠴᠢᠨ ᠠᠶᠢᠯ ᠢᠶᠠᠷ ᠤᠷᠤᠵᠤ᠂ ᠵᠢᠭᠤᠯᠴᠢᠯᠠᠯ ᠤᠨ ᠭᠥᠯᠢᠶᠡᠨ ᠠᠪᠴᠤ ᠵᠣᠴᠢᠯᠠᠬᠤ ᠨᠥᠬᠦᠴᠡᠯ ᠢ ᠪᠠᠶᠢᠴᠠᠭᠠᠨ ᠦᠵᠡᠵᠦ᠂ ᠵᠢᠭᠤᠯᠴᠢᠯᠠᠭᠰᠠᠳ ᠠᠴᠠ ᠬᠤᠨᠤᠭ ᠪᠠᠭᠤᠳᠠᠯ᠂ ᠢᠳᠡᠭᠡᠨ ᠤᠮᠳᠠᠭᠠᠨ ᠵᠡᠷᠭᠡ ᠵᠠᠷᠤᠳᠠᠯ ᠢ ᠯᠠᠪᠯᠠᠨ ᠠᠰᠠᠭᠤᠵᠤ᠂ ᠭᠠᠴᠠᠭᠠᠨ ᠤ ᠵᠢᠭᠤᠯᠴᠢᠯᠠᠯ ᠤᠨ ᠣᠷᠣᠯᠭ᠎ᠠ ᠪᠠ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠠᠷᠢᠨ ᠣᠶᠢᠯᠠᠭᠠᠪᠠ᠃ ᠭᠠᠴᠠᠭᠠᠨ ᠤ ᠺᠠᠳ᠋ᠷ᠂ ᠲᠤᠬᠠᠶ ᠶᠢᠨ ᠭᠠᠵᠠᠷ ᠤᠨ ᠮᠠᠯᠴᠢᠨ ᠲᠦᠮᠡᠨ ᠵᠢᠭᠤᠯᠴᠢᠯᠠᠯ ᠳᠤ ᠲᠦᠰᠢᠭᠯᠡᠨ ᠣᠷᠣᠯᠭ᠎ᠠ ᠪᠠᠨ ᠨᠡᠮᠡᠭᠳᠡᠭᠦᠯᠤᠨ ᠪᠠᠶᠠᠵᠢᠵᠤ ᠪᠠᠶᠢᠨ᠎ᠠ᠂ ᠲᠤᠤᠷᠠᠶ ᠶᠢᠨ ᠣᠶ ᠪᠣᠯ ᠲᠠᠷᠤᠢ ᠣᠯᠠᠨ ᠤ ︽ᠠᠮᠢ ᠭᠤᠤᠯ︾ ᠮᠥᠨ ᠭᠡᠵᠦ ᠰᠡᠳᠬᠢᠯ ᠳᠣᠭᠳᠣᠯᠤᠨ ᠬᠡᠯᠡᠵᠦ ᠪᠠᠶᠢᠯ᠎ᠡ᠃ ᠱᠢ ᠲᠠᠢ ᠹᠧᠩ ᠲᠤᠬᠠᠶ ᠶᠢᠨ ᠭᠠᠵᠠᠷ ᠤᠨ ᠺᠠᠳ᠋ᠷᠴᠤᠳ ᠲᠤ ᠥᠪᠡᠷᠲᠡᠭᠡᠨ ᠵᠠᠰᠠᠬᠤ ᠣᠷᠣᠨ ᠤ ᠲᠤᠬᠳᠠᠭᠠᠬᠰᠠᠨ ᠬᠤᠯᠪᠣᠭᠳᠠᠯ ᠪᠥᠬᠦᠶ ᠲᠦᠷᠢᠮ ᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠲᠤᠤᠷᠠᠶ ᠶᠢᠨ ᠣᠶ᠂ ᠡᠨᠡ ᠬᠦ ᠡᠷᠬᠢᠮ ᠨᠠᠨᠳᠢᠨ ᠠᠮᠢ ᠠᠬᠤᠶ ᠶᠢᠨ ᠡᠬᠢ ᠪᠠᠶᠠᠯᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃ ᠠᠮᠢ ᠠᠬᠤᠶ ᠶᠢᠨ ᠵᠢᠭᠤᠯᠴᠢᠯᠠᠯ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠵᠢᠭᠤᠯᠴᠢᠯᠠᠯ ᠤᠨ ᠦᠢᠯᠡᠰ ᠡᠷᠬᠢᠯᠡᠭᠰᠡᠳ ᠢ ᠬᠥᠮᠦᠵᠢᠭᠦᠯᠦᠨ ᠵᠢᠯᠣᠭᠤᠳᠴᠤ ᠦᠨᠡᠨ ᠬᠦ ᠦᠨᠡᠨᠴᠢ ᠢᠲᠡᠭᠡᠮᠵᠢᠲᠡᠶ ᠡᠵᠡᠩᠨᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠨᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠦ ᠳᠠᠬᠢᠨ ᠳᠠᠪᠲᠠᠨ ᠵᠠᠬᠢᠪᠠ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠤᠤ ᠴᠦᠨ᠂ ᠳ᠋ᠢᠩ ᠰᠢᠤ ᠹᠧᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ