ᠯᠢᠨ ᠱᠤᠤ ᠴᠦᠨ ᠪᠠᠶᠠᠨᠨᠠᠭᠤᠷ ᠬᠤᠳᠠ ᠦᠬᠠᠢ ᠬᠤᠳᠠ ᠳᠤ ᠪᠠᠶᠢᠴᠠᠭᠠᠨ ᠰᠤᠳᠤᠯᠬᠤ ᠳᠤ ᠪᠠᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ ᠵᠠᠰᠠᠯᠲᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠪᠦᠲᠦᠮᠵᠢ ᠪᠠᠷ ᠣᠯᠠᠨ ᠲᠦᠮᠡᠨ ᠢ ᠦᠨᠡᠨ ᠬᠦ ᠬᠠᠨᠤᠮᠵᠢᠲᠠᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/10/13

      10 ᠳ᠋ᠤᠭᠠᠷ ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠪᠠᠶᠠᠨᠨᠠᠭᠤᠷ ᠬᠤᠲᠠ᠂ ᠦᠬᠠᠶ ᠬᠤᠲᠠ ᠳᠤ ᠬᠦᠷᠴᠦ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠪᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠤᠨ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ︽7.1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠵᠠᠰᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠲᠤᠭᠤᠰᠢᠲᠠᠢ ᠰᠢᠢᠳᠪᠦᠷᠢᠯᠡᠬᠦ ᠪᠠᠷ ᠵᠣᠷᠢᠯᠲᠠ ᠪᠠ ᠵᠣᠭᠰᠣᠴᠠ ᠪᠠᠨ ᠪᠣᠯᠭᠠᠵᠤ᠂ ᠦᠨᠳᠦᠰᠦᠨ ᠱᠠᠲᠤᠨ ᠤ ᠠᠮᠤᠷ ᠠᠮᠤᠭᠤᠯᠠᠩ ᠢᠶᠠᠷ ᠬᠤᠳᠠ ᠶᠢᠨ ᠠᠮᠤᠷ ᠠᠮᠤᠭᠤᠯᠠᠩ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ᠃

      ᠯᠢᠨ ᠱᠤᠤ ᠴᠦᠨ ᠤᠷᠢᠳ ᠬᠤᠵᠢᠳ ᠯᠢᠨ ᠾᠧ ᠲᠣᠭᠤᠷᠢᠭ᠂ ᠳ᠋ᠧᠩᠺᠸᠤ ᠰᠢᠶᠠᠨ᠂ ᠬᠠᠶᠢᠨᠠᠨ ᠲᠣᠭᠤᠷᠢᠭ᠂ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠲᠥᠪ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ᠂ ᠬᠥᠯᠥᠰᠥᠨ ᠠᠵᠢᠯᠴᠢᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠳᠡᠭᠡ ᠪᠣᠯᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠰᠢᠰᠲ᠋ᠧᠮ ᠲᠠᠢ ᠥᠷᠨᠢᠭᠦᠯᠵᠦ᠂ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠶᠢᠨ ᠭᠠᠵᠠᠷ ᠪᠣᠯᠤᠨ ᠲᠣᠮᠢᠯᠠᠭᠰᠠᠨ ᠰᠠᠯᠪᠤᠷᠢ ᠶᠢᠨ ᠬᠠᠮᠲᠤᠷᠠᠨ ᠡᠶᠡᠳᠡᠭᠦᠯᠬᠦ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠨᠡᠩ ᠤᠯᠠᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠭᠡ ᠶᠢᠨ ᠠᠷᠭ᠎ᠠ ᠵᠠᠮ ᠢᠶᠠᠷ ᠰᠢᠢᠳᠪᠦᠷᠢᠯᠡᠬᠦ ᠪᠠᠷ ᠴᠢᠷᠮᠠᠶᠢᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ ᠤᠬᠠᠭᠤᠯᠤᠨ ᠬᠥᠮᠥᠵᠢᠭᠦᠯᠬᠦ ᠪᠠ ᠵᠢᠯᠣᠭᠤᠳᠬᠤ ᠪᠠᠨ ᠴᠢᠩᠭᠠᠳᠬᠠᠵᠤ᠂ ᠠᠷᠠᠳ ᠤᠯᠠᠨ ᠤ ᠣᠶᠢᠯᠠᠭᠠᠮᠵᠢᠲᠠᠢ ᠦᠭᠡ᠂ ᠳᠤᠷᠠᠲᠠᠶ᠎ᠠ ᠬᠦᠯᠢᠶᠡᠨ ᠠᠪᠬᠤ ᠠᠷᠭ᠎ᠠ ᠪᠠᠷ ᠠᠵᠢᠯ ᠢᠶᠠᠨ ᠥᠷᠨᠢᠭᠦᠯᠵᠦ᠂ ᠶᠣᠰᠣ ᠵᠦᠢ ᠬᠠᠤᠯᠢ ᠴᠠᠭᠠᠵᠠ ᠶᠢ ᠲᠤᠭᠤᠰᠢᠯᠠᠭᠤᠯᠬᠤ ᠶᠢ ᠬᠠᠮᠲᠤ ᠳᠤ ᠨᠢ ᠬᠠᠷᠠᠭᠠᠯᠵᠠᠵᠤ᠂ ᠦᠵᠡᠯ ᠰᠠᠨᠠᠭᠠᠨ ᠤ ᠠᠵᠢᠯ ᠢ ᠦᠨᠡᠨ ᠬᠦ ᠨᠠᠷᠢᠯᠢᠭ ᠬᠢᠵᠦ᠂ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢ ᠲᠤᠭᠤᠰᠢᠲᠠᠢ ᠶᠠᠷᠢᠵᠤ᠂ ᠪᠣᠳᠠᠲᠠᠢ ᠠᠵᠢᠯ ᠢ ᠪᠣᠳᠠᠲᠠᠢ ᠪᠠᠷ ᠬᠢᠬᠦ ᠬᠡᠷᠡᠭᠲᠡᠢ᠃ ᠰᠢᠨ᠎ᠡ ᠡᠷᠢᠨ ᠤ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ ᠭᠡᠵᠡᠢ᠃

      ᠪᠠᠶᠠᠨᠨᠠᠭᠤᠷ ᠬᠤᠳᠠ ᠪᠣᠯᠤᠨ ᠬᠠᠶᠢᠨᠠᠨ ᠲᠣᠭᠤᠷᠢᠭ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠲᠤ᠂ ᠯᠢᠨ ᠱᠤᠤ ᠴᠦᠨ ᠤᠯᠠᠨ ᠲᠦᠮᠡᠨ ᠤ ᠰᠤᠷᠪᠤᠯᠵᠢᠯᠠᠬᠤ ᠪᠠᠷ ᠢᠷᠡᠭᠰᠡᠨ ᠤᠴᠢᠷ ᠰᠢᠯᠲᠠᠭᠠᠨ ᠢ ᠰᠠᠨᠠᠭᠠᠴᠢᠯᠠᠭ᠎ᠠ ᠠᠴᠠ ᠪᠠᠨ ᠠᠰᠠᠭᠤᠨ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠲᠤᠬᠠᠢ ᠶᠢᠨ ᠲᠠᠯᠠᠪᠠᠢ ᠳᠤ ᠨᠡᠶᠢᠳᠡ 8 ᠪᠦᠯᠦᠭ ᠤᠳᠠᠭ᠎ᠠ ᠬᠤᠪᠢᠶᠠᠨ ᠬᠦᠯᠢᠶᠡᠨ ᠠᠪᠤᠪᠠ᠃ ᠲᠡᠷᠡ ᠴᠢᠬᠤᠯᠠᠴᠢᠯᠠᠭᠰᠠᠨ ᠨᠢ᠂ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠠᠷ ᠰᠢᠪᠲᠤᠯᠤᠯᠲᠠ ᠪᠣᠯᠭᠠᠵᠤ᠂ ︽ᠭᠤᠷᠪᠠ ᠶᠢ ᠭᠦᠢᠴᠡᠳᠬᠡᠵᠦ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ︽ᠲᠦᠪᠡᠭ ᠲᠠᠢ ᠬᠡᠷᠡᠭ︾ ᠢ ᠬᠦᠴᠦ ᠲᠠᠯᠪᠢᠨ ᠰᠢᠢᠳᠪᠦᠷᠢᠯᠡᠵᠦ᠂ ᠬᠡᠷᠡᠭ ᠢ ᠰᠢᠢᠳᠪᠦᠷᠢᠯᠡᠵᠦ ᠤᠴᠢᠷ ᠶᠠᠪᠤᠳᠠᠯ ᠢ ᠳᠠᠭᠤᠰᠬᠠᠬᠤ ᠶᠢ ᠦᠨᠡᠨ ᠬᠦ ᠭᠦᠢᠴᠡᠳᠬᠡᠬᠦ ᠬᠡᠷᠡᠭᠲᠡᠶ᠃ ᠠᠶᠢᠮᠠᠭ ᠬᠤᠲᠠ ᠬᠤᠰᠢᠭᠤ ᠰᠢᠶᠠᠨ ᠬᠤᠶᠠᠷ ᠱᠠᠲᠤᠨ ᠤ ᠱᠦᠵᠢ ᠶᠢᠨ ᠬᠠᠮᠤᠭ ᠤᠨ ᠬᠦᠴᠢᠷᠲᠡᠶ ᠬᠡᠷᠡᠭ ᠢ ᠲᠦᠷᠦᠭᠦᠯᠡᠨ ᠳᠠᠭᠠᠭᠠᠴᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠯᠪᠣᠭᠳᠠᠬᠤ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠳᠤᠷᠢᠳᠬᠤ ᠺᠠᠳ᠋ᠷ ᠬᠡᠷᠡᠭ ᠢ ᠳᠠᠭᠠᠭᠠᠴᠢᠯᠠᠬᠤ ᠪᠠ ᠳᠣᠷᠣᠭᠰᠢ ᠪᠠᠭᠤᠵᠤ ᠣᠯᠠᠨ ᠲᠦᠮᠡᠨ ᠢ ᠭᠥᠯᠢᠶᠡᠨ ᠠᠪᠬᠤ ᠳᠤ ᠪᠠᠨ ᠬᠠᠰᠢ ᠶᠠᠰᠢ ᠥᠩᠭᠡᠷᠡᠭᠦᠯᠬᠦ ᠶᠢ ᠶᠠᠭᠠᠬᠢᠭᠰᠠᠨ ᠴᠤ ᠵᠥᠪᠰᠢᠶᠡᠷᠡᠬᠦ ᠥᠬᠡᠶ᠃ ᠤᠯᠠᠨ ᠲᠦᠮᠡᠨ ᠤ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ ᠳᠤ ᠪᠠᠨ ᠴᠢᠳᠠᠮᠠᠭᠠᠢ ᠪᠠᠶᠢᠵᠤ᠂ ᠠᠩᠬ᠎ᠠ ᠰᠤᠷᠪᠤᠯᠵᠢᠯᠠᠬᠤ ᠨᠢᠭᠡᠳᠦᠭᠡᠷ ᠠᠵᠢᠯ ᠤᠨ ᠪᠠᠶᠢᠷᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠠᠷᠦ᠋ᠢᠬᠠᠨ ᠰᠢᠢᠳᠪᠦᠷᠢᠯᠡᠬᠦ ᠶᠢ ᠰᠠᠨᠠᠭᠠᠴᠢᠯᠠᠵᠤ᠂ ᠪᠠᠭ᠎ᠠ ᠶᠠᠪᠤᠳᠠᠯ ᠢ ᠶᠡᠬᠡᠰᠬᠡᠬᠦ ᠠᠴᠠ ᠵᠠᠶᠢᠯᠠᠰᠬᠢᠵᠦ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠲᠤᠬᠠᠢ ᠶᠢᠨ ᠭᠠᠵᠠᠷ ᠲᠤ ᠨᠢ ᠰᠢᠢᠳᠪᠦᠷᠢᠯᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠭᠦᠢᠴᠡᠳᠬᠡᠬᠦ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ