ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/10/14


     2021 ᠣᠨ ᠤ 10 ᠳ᠋ᠤᠭᠠᠷ ᠰᠠᠷ᠎ᠠ ᠶᠢᠨ 13 ᠤ ᠡᠳᠦᠷ ᠤᠨ 7 ᠴᠠᠭ ᠠᠴᠠ 10 ᠳ᠋ᠤᠭᠠᠷ ᠰᠠᠷ᠎ᠠ ᠶᠢᠨ 14 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠳᠣᠲᠣᠯᠠᠭᠰᠠᠨ ᠡᠪᠡᠳᠴᠢᠨ ᠤ ᠵᠢᠱᠢᠶ᠎ᠡ  ᠰᠢᠨ᠎ᠡ ᠪᠠᠷ 1 ᠨᠡᠮᠡᠭᠳᠡᠵᠡᠶ ︵ᠡᠷᠢᠶᠡᠨ ᠬᠤᠲᠠ ᠳᠤ︶᠃
     ᠡᠷᠢᠶᠡᠨ ᠬᠤᠲᠠ  ᠳᠤ ᠳᠣᠲᠣᠯᠠᠭᠰᠠᠨ ᠡᠪᠡᠳᠴᠢᠲᠡᠨ ᠪᠣᠯ ᠡᠷᠢᠶᠡᠨ ᠬᠤᠲᠠ ᠶᠢᠨ ᠬᠤᠶ ᠲᠦᠩ ᠡᠳ᠋ ᠪᠠᠷᠠᠭᠠᠨ ᠤ ᠭᠦᠶᠯᠭᠡᠭᠡᠨ ᠤ ᠲᠣᠭᠤᠷᠢᠭ ᠤᠨ ᠪᠢᠲᠡᠭᠦᠮᠵᠢᠯᠡᠯ ᠴᠠᠭᠠᠷᠢᠭ ᠤᠨ ᠬᠠᠮᠢᠶᠠᠷᠤᠯᠲᠠ ᠶᠢᠨ ᠠᠵᠢᠯᠲᠠᠨ ᠪᠣᠯᠤᠨ᠎ᠠ᠃ 10 ᠳ᠋ᠤᠭᠠᠷ ᠰᠠᠷ᠎ᠠ ᠶᠢᠨ 12 ᠤᠨ ᠡᠳᠦᠷ᠂ ᠡᠷᠢᠶᠡᠨ ᠬᠤᠲᠠ ᠬᠤᠶ ᠲᠦᠩ ᠡᠳ᠋ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠪᠢᠲᠡᠭᠦᠮᠵᠢᠯᠡᠯ ᠴᠠᠭᠠᠷᠢᠭ ᠤᠨ ᠬᠠᠮᠢᠶᠠᠷᠤᠯᠲᠠ ᠶᠢᠨ ᠠᠵᠢᠯᠲᠠᠨ ᠳᠤ ᠵᠤᠷᠰᠢᠯ ᠶᠣᠰᠣᠭᠠᠷ ᠡᠳᠦᠷ ᠠᠯᠤᠰᠯᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ ᠨᠢᠭᠡ ᠪᠦᠯᠦᠭ ᠰᠢᠯᠭᠠᠨ ᠪᠠᠶᠢᠴᠠᠭᠠᠯᠲᠠ ᠨᠢ ᠠᠷᠭ᠎ᠠ ᠴᠢᠨᠠᠷᠲᠠᠶ ᠪᠠᠶᠢᠬᠤ ᠶᠢ ᠮᠡᠳᠡᠵᠡᠢ᠂ 10 ᠳ᠋ᠤᠭᠠᠷ ᠰᠠᠷ᠎ᠠ ᠶᠢᠨ 13 ᠤ ᠡᠳᠦᠷ ᠬᠤᠶ ᠲᠦᠩ ᠬᠦᠷᠢᠶᠡᠯᠡᠩ ᠲᠣᠭᠤᠷᠢᠭ ᠤᠨ ᠪᠢᠲᠡᠭᠦᠮᠵᠢᠯᠡᠯ ᠴᠠᠭᠠᠷᠢᠭ ᠤᠨ ᠬᠠᠮᠢᠶᠠᠷᠤᠯᠲᠠ ᠶᠢᠨ 32 ᠠᠵᠢᠯᠲᠠᠳ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠡᠳ 1 ᠬᠥᠮᠦᠨ ᠨᠢ ᠠᠷᠭ᠎ᠠ ᠴᠢᠨᠠᠷᠲᠠᠶ᠂ ᠪᠤᠰᠤᠳ 31 ᠬᠦᠮᠦᠨ ᠪᠢᠯᠢᠭ ᠴᠢᠨᠠᠷᠲᠠᠶ ᠪᠠᠶᠢᠬᠤ ᠶᠢ ᠣᠯᠵᠤ ᠮᠡᠳᠡᠯ᠎ᠡ᠃ 10 ᠳ᠋ᠤᠭᠠᠷ ᠰᠠᠷ᠎ᠠ ᠶᠢᠨ 13 ᠤ ᠦᠳᠡ ᠶᠢᠨ ᠬᠤᠶᠢᠨ᠎ᠠ ᠰᠢᠯᠢ ᠶᠢᠨ ᠭᠤᠤᠯ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠬᠢᠨᠲᠠ ᠰᠢᠯᠭᠠᠨ ᠪᠠᠶᠢᠴᠠᠭᠠᠭᠠᠳ ᠮᠥᠨ ᠠᠷᠭ᠎ᠠ ᠴᠢᠨᠠᠷᠲᠠᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠠᠪᠤᠷᠠᠨ ᠵᠠᠰᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠬᠠᠮᠲᠤᠷᠠᠨ ᠣᠨᠤᠰᠢᠯᠠᠭᠠᠳ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠤᠯᠠᠪᠠ᠃ ᠣᠳᠣᠬᠠᠨ ᠳᠤ ᠲᠤᠰ ᠡᠪᠡᠳᠴᠢᠲᠡᠨ ᠳᠤ ᠴᠢᠭᠯᠡᠭᠦᠯᠦᠭᠰᠡᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠵᠢᠴᠢ ᠣᠷᠴᠢᠨ ᠲᠣᠭᠤᠷᠢᠨ ᠤ ᠠᠷᠢᠭᠤᠳᠬᠠᠯ ᠵᠡᠷᠭᠡ ᠬᠢᠵᠢᠭ ᠤᠨ ᠪᠠᠶᠢᠳᠠᠯ ᠢ ᠰᠢᠶᠳᠪᠦᠷᠢᠯᠡᠬᠦ ᠠᠵᠢᠯ ᠶᠠᠭ ᠶᠠᠪᠤᠭᠳᠠᠵᠤ ᠪᠠᠶᠢᠨ᠎ᠠ᠃
     2021 ᠣᠨ ᠤ 10 ᠰᠠᠷ᠎ᠠ ᠶᠢᠨ 14 ᠤ ᠡᠳᠦᠷ ᠤᠨ 7 ᠴᠠᠭ ᠪᠣᠯᠲᠠᠯ᠎ᠠ᠂ ᠥᠪᠦᠷ ᠮᠣᠩᠭᠤᠯ ᠤᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠳᠣᠲᠣᠯᠠᠭᠰᠠᠨ ᠡᠪᠡᠳᠴᠢᠨ ᠤ ᠵᠢᠱᠢᠶ᠎ᠡ 4᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠡᠳ ᠳᠠᠬᠢᠨ ᠨᠡᠷᠪᠡᠭᠳᠡᠭᠰᠡᠨ ᠡᠪᠡᠳᠴᠢᠨ ᠤ ᠵᠢᠱᠢᠶ᠎ᠡ 1 ︵ᠬᠢᠩᠭᠠᠨ ᠠᠶᠢᠮᠠᠭ ᠤᠨ ᠤᠯᠠᠭᠠᠨᠬᠤᠲᠠ ᠳᠤ︶᠂ ᠥᠪᠦᠷ ᠮᠣᠩᠭᠤᠯ ᠤᠨ ᠬᠢᠯᠢ ᠳᠤ ᠳᠣᠲᠣᠯᠠᠭᠰᠠᠨ ᠡᠪᠡᠳᠴᠢᠨ ᠤ ᠵᠢᠱᠢᠶ᠎ᠡ 1 ︵ᠡᠷᠢᠶᠡᠨ ᠬᠤᠲᠠ ᠳᠤ︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠶ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ