ᠣᠶᠢᠷ᠎ᠠ ᠳᠤ᠂ ᠰᠤᠷᠪᠤᠯᠵᠢᠯᠠᠭᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠦᠭᠰᠡᠨ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠥᠷᠨᠢᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ᠣᠯᠠᠨ ᠲᠦᠮᠡᠨ ᠤ ︽ᠲᠤᠯᠭᠠᠮ᠎ᠠ | ᠪᠡᠷᠬᠡ ᠵᠤᠪᠠᠨᠢᠯ ᠬᠦᠰᠡᠯ︾ ᠤᠨ ᠠᠰᠠᠭᠤᠳᠠᠯ ᠤᠨ ᠲᠣᠭᠤᠷᠢᠨ ᠳᠤ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠦᠭᠰᠡᠨ ᠪᠠᠶᠢᠨ᠎ᠠ᠃ | ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠣᠯᠠᠨ ᠲᠦᠮᠡᠨ ᠤ ︽ᠰᠡᠳᠬᠢᠯ ᠲᠠᠯᠪᠢᠵᠤ ᠪᠠᠶᠢᠭ᠎ᠠ ᠶᠠᠪᠤᠳᠠᠯ︾ ᠢ ᠰᠠᠶᠢᠲᠤᠷ ᠬᠢᠪᠡ᠃ 15 | ᠲᠥᠷᠥᠯ ᠤᠨ ᠳᠡᠩᠰᠡᠯᠡᠯᠲᠡ ᠶᠢᠨ ᠵᠦᠢᠯᠡᠰ ᠤᠨ ᠳᠣᠲᠣᠷ᠎ᠠ᠂ 9 ᠲᠥᠷᠥᠯ ᠤᠨ ᠥᠨᠳᠥᠷ ᠳᠠᠪᠲᠠᠮᠵᠢᠲᠤ ᠳᠡᠩᠰᠡᠯᠡᠯᠲᠡ ᠶᠢᠨ ᠵᠦᠢᠯᠡᠰ ᠲᠤ ᠲᠡᠷᠡ ᠳᠠᠷᠤᠶ ᠳᠤ ᠨᠢ | ᠭᠦᠢᠴᠡᠳᠬᠡᠵᠦ ᠳᠠᠭᠤᠰᠬᠠᠬᠤ ᠦᠢᠯᠡᠴᠢᠯᠡᠭᠡ ᠬᠠᠩᠭᠠᠵᠤ᠂ ᠪᠠᠷᠢᠴᠠᠭᠠᠯᠠᠬᠤ ᠡᠷᠬᠡ ᠶᠢ ᠳᠠᠩᠰᠠᠯᠠᠬᠤ ᠪᠠ ᠰᠣᠯᠢᠵᠤ ᠨᠥᠬᠦᠵᠦ ᠣᠯᠭᠤᠬᠤ ᠳᠡᠩᠰᠡᠯᠡᠯᠲᠡ ᠶᠢ 1 ᠠᠵᠢᠯ ᠤᠨ | ᠡᠳᠦᠷ ᠲᠤ ᠭᠦᠢᠴᠡᠳᠬᠡᠵᠦ ᠳᠠᠭᠤᠰᠬᠠᠬᠤ ᠪᠣᠯᠭᠠᠨ ᠪᠤᠭᠤᠨᠢᠰᠬᠠᠵᠠᠢ᠂ ᠰᠢᠯᠵᠢᠭᠦᠯᠦᠨ ᠳᠠᠩᠰᠠᠯᠠᠬᠤ ᠪᠠ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠬᠡᠷ ᠪᠠᠶᠢᠰᠢᠩ ᠤᠨ ᠥᠮᠴᠢᠯᠡᠯ ᠤᠨ ᠡᠷᠬᠡ ᠶᠢ ᠠᠩᠬ᠎ᠠ ᠤᠳᠠᠭ᠎ᠠ ᠳᠠᠩᠰᠠᠯᠠᠬᠤ ᠵᠡᠷᠭᠡ 4 ᠲᠥᠷᠥᠯ ᠤᠨ ᠲᠤᠬᠠᠶᠢᠯᠠᠭᠰᠠᠨ | ᠠᠵᠢᠯ ᠢ 3 ᠠᠵᠢᠯ ᠤᠨ ᠡᠳᠦᠷ ᠲᠤ ᠭᠦᠢᠴᠡᠳᠬᠡᠵᠦ ᠳᠠᠭᠤᠰᠬᠠᠬᠤ ᠪᠣᠯᠭᠠᠨ ᠪᠤᠭᠤᠨᠢᠰᠬᠠᠵᠠᠢ᠃ | ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠰᠠᠶᠢᠲᠤᠷ ᠬᠢᠵᠦ᠂ | ᠤᠯᠠᠨ ᠲᠦᠮᠡᠨ ᠤ ︽ᠰᠡᠳᠬᠢᠯ ᠠᠯᠭᠠᠰᠴᠤ ᠪᠠᠶᠢᠭ᠎ᠠ ᠶᠠᠪᠤᠳᠠᠯ︾ ᠢ ᠰᠢᠢᠳᠪᠦᠷᠢᠯᠡᠵᠡᠢ᠃ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ | ᠳᠡᠭᠡᠳᠦ ᠱᠠᠲᠤᠨ ᠤ ᠰᠠᠯᠠᠭ᠎ᠠ ᠮᠥᠴᠢᠷ ᠤᠨ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠨᠢ | ᠲᠡᠤᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠰᠢᠢᠳᠪᠦᠷᠢᠯᠡᠬᠦ ᠶᠢ ᠬᠦᠴᠦᠲᠡᠶ ᠳᠥᠯᠭᠢᠨ ᠠᠬᠢᠭᠤᠯᠪᠠ᠃ ᠡᠭᠦᠨ ᠤ | ᠬᠠᠮᠲᠤ᠂ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠮᠠᠯᠠᠯᠲᠠ ᠪᠠᠨ ᠮᠡᠳᠡᠭᠳᠡᠬᠦ᠂ ᠭᠤᠣᠯ ᠵᠦᠢᠯ ᠢᠶᠠᠷ ᠭᠥᠯᠢᠶᠡᠨ | ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠠᠪᠴᠤ᠂ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠵᠢᠵᠢᠭ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ | ᠠᠩᠬᠠᠨ ᠤ ᠳᠡᠩᠰᠡᠯᠡᠯᠲᠡ ᠶᠢ ᠤᠷᠢᠳ ᠢᠶᠠᠷ ᠭᠦᠢᠴᠡᠳᠬᠡᠵᠡᠢ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠢᠳᠡᠪᠬᠢᠲᠡᠶ ᠰᠠᠶᠢᠲᠤᠷ ᠰᠢᠯᠢᠳᠡᠭᠵᠢᠭᠦᠯᠵᠦ᠂ ᠠᠵᠤ ᠠᠬᠤᠶᠢᠯᠠᠯ ᠤᠨ ︽ᠰᠡᠳᠬᠢᠯ ᠵᠤᠪᠠᠨᠢᠵᠤ ᠪᠠᠶᠢᠭ᠎ᠠ | ᠶᠠᠪᠤᠳᠠᠯ︾ ᠢ ᠰᠢᠢᠳᠪᠦᠷᠢᠯᠡᠵᠡᠢ᠃ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠡᠷᠡᠭ ᠡᠷᠭᠢᠯᠡᠬᠦ ᠶᠡᠭᠡ ᠲᠢᠩᠬᠢᠮ ᠳᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠤᠨ ᠲᠤᠰᠬᠠᠶ ᠴᠣᠩᠬᠤ ᠭᠠᠷᠭᠠᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠪᠥᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠪᠠᠷ ᠲᠣᠭᠲᠠᠭᠠᠵᠤ᠂ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠳᠡᠭᠡᠭᠰᠢᠯᠡᠭᠦᠯᠵᠦ ᠪᠠᠶᠢᠨ᠎ᠠ᠃ | ᠴᠤᠩᠬᠤᠪᠴᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ︽ᠰᠠᠨᠠᠭ᠎ᠠ ᠠᠮᠤᠷ ᠶᠠᠪᠤᠳᠠᠯ︾ ᠢ ᠰᠠᠶᠢᠲᠤᠷ ᠬᠢᠵᠦ ᠪᠠᠶᠢᠨ᠎ᠠ᠃ | ᠨᠢᠭᠡ ᠤᠳᠠᠭ᠎ᠠ ᠳᠤ ᠮᠡᠳᠡᠭᠳᠡᠬᠦ ᠲᠦᠷᠢᠮ᠂ ᠤᠷᠢᠳ ᠢᠶᠠᠷ ᠠᠰᠠᠭᠤᠬᠤ ᠬᠠᠷᠢᠭᠤᠴᠠᠯᠭ᠎ᠠ ᠶᠢᠨ ᠲᠦᠷᠢᠮ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠠᠮ ᠤᠨ | ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾ ᠶᠢ ᠪᠠᠶᠢᠭᠤᠯᠵᠤ᠂ ᠵᠢᠷᠤᠮᠵᠢᠯ ᠲᠠᠢ᠂ ᠠᠷᠢᠭᠤᠨ ᠴᠢᠬᠡᠴᠢ᠂ ᠠᠷᠠᠳ ᠲᠤ ᠲᠦᠭᠦᠮ ᠦᠵᠡᠭᠦᠯᠬᠦ᠂ ᠥᠨᠳᠥᠷ | ᠪᠦᠲᠦᠮᠵᠢᠲᠡᠢ ᠦᠢᠯᠡᠴᠢᠯᠡᠭᠡᠨ ᠤ ᠴᠣᠩᠬᠤ ᠶᠢ ᠬᠦᠴᠦᠯᠡᠨ ᠪᠠᠶᠢᠭᠤᠯᠵᠤ ᠪᠠᠶᠢᠨ᠎ᠠ᠃ | | |