ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2021/10/15

      10 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠱᠢ ᠲᠠᠢ ᠹᠧᠩ ᠬᠤᠷᠠᠯ ᠳᠤ ᠣᠷᠣᠯᠴᠠᠬᠰᠠᠨ ᠪᠦᠬᠡᠳ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠭᠡᠭᠵᠢᠬᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠤᠰᠤᠭᠠᠷ ᠴᠡᠷᠢᠭ ᠢ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃

1.jpg


      ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠺᠣᠮᠢᠰᠰᠠᠷ ᠶᠠᠩ ᠰᠢᠶᠤᠤ ᠺᠠᠩ ᠬᠤᠷᠠᠯ ᠢ ᠡᠷᠬᠢᠯᠡᠵᠦ᠂ ᠬᠤᠷᠠᠯ ᠡᠬᠢᠯᠡᠬᠦ ᠦᠭᠡ ᠬᠡᠯᠡᠭᠰᠡᠨ ᠪᠥᠭᠡᠳ ᠴᠡᠷᠢᠭ ᠤᠨ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠵᠦ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠢᠰᠰᠠᠷ ᠵᠠᠩ ᠸᠧᠨ ᠬᠤᠢ ᠬᠤᠷᠠᠯ ᠳᠤ ᠣᠷᠣᠯᠴᠠᠵᠤ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ ᠲᠦᠷᠦ ᠶᠢᠨ ᠠᠵᠢᠯ ᠤᠨ ᠲᠣᠪᠴᠢᠶᠠᠨ ᠤ ᠡᠷᠬᠢᠯᠡᠭᠴᠢ ᠭᠦ᠋ ᠯᠢ ᠹᠧᠩ ᠴᠡᠷᠢᠭ ᠤᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠪᠢᠴᠢᠭ ᠤᠨ ᠬᠡᠯᠪᠡᠷᠢ ᠪᠠᠷ ᠠᠵᠢᠯ ᠤᠨ ᠮᠡᠳᠡᠭᠦᠯᠦᠯᠲᠡ ᠬᠢᠵᠡᠢ᠃

2.jpg


      ᠱᠢ ᠲᠠᠢ ᠹᠧᠩ᠂ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠭᠰᠡᠨ ᠪᠥᠭᠡᠳ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠲᠥᠯᠥᠭᠡ ᠰᠢᠷᠭᠠᠭᠤ ᠬᠠᠲᠠᠭᠤᠵᠢᠯᠲᠠᠶ ᠵᠢᠳᠬᠦᠭᠰᠡᠨ ᠴᠡᠷᠢᠭ ᠤᠨ ᠲᠣᠭᠤᠷᠢᠭ ᠤᠨ ᠥᠷᠭᠡᠨ ᠣᠯᠠᠨ ᠳᠠᠷᠤᠭ᠎ᠠ ᠪᠠᠶᠢᠯᠳᠤᠭᠴᠢ᠂ ᠪᠢᠴᠢᠭ ᠤᠨ ᠲᠤᠰᠢᠶᠠᠯᠲᠠᠨ᠂ ᠠᠵᠢᠯᠲᠠᠨ ᠠᠵᠢᠯᠴᠢᠨ ᠪᠣᠯᠤᠨ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠳᠣᠲᠣᠨᠣ ᠮᠡᠨᠳᠦᠴᠢᠯᠡᠯ ᠳᠡᠪᠰᠢᠭᠦᠯᠪᠡ᠃ ᠲᠡᠷᠡ᠂ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠪᠠᠶᠢᠳᠠᠯ ᠳᠣᠣᠷᠠᠬᠢ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠲᠠᠢ ᠨᠢᠭᠲᠠ ᠤᠶᠠᠯᠳᠤᠭᠤᠯᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢ ᠪᠦᠯᠬᠦᠮᠳᠡᠭᠦᠯᠦᠨ ᠳᠠᠭᠠᠭᠤᠯᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠭᠦᠢᠴᠡᠳᠬᠡᠵᠦ᠂ ᠤᠯᠤᠰ ᠲᠦᠷᠦ ᠶᠢᠨ ᠵᠢᠯᠣᠭᠤᠳᠤᠮᠵᠢ ᠶᠢ ᠴᠢᠬᠤᠯᠠᠴᠢᠯᠠᠨ ᠴᠢᠩᠭᠠᠳᠬᠠᠵᠤ᠂ ᠢᠮᠠᠭᠲᠠ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠠᠩᠬᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠣᠷᠣᠨ ᠨᠤᠲᠤᠭ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠴᠡᠷᠢᠭ ᠠᠩᠬᠢ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠰᠢᠨ᠎ᠡ ᠲᠠᠪᠰᠢᠯᠳᠠ ᠲᠠᠢ ᠪᠣᠯᠬᠤ ᠶᠢ ᠠᠬᠢᠭᠤᠯᠪᠠ ᠭᠡᠵᠡᠢ᠃

3.jpg


      ᠱᠢ ᠲᠠᠢ ᠹᠧᠩ᠂ ᠰᠢᠨ᠎ᠡ ᠠᠶᠠᠨ ᠳᠤ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠢᠨ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠰ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠣᠰᠣᠭᠠᠷ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠬᠦᠴᠦᠲᠡᠶ ᠰᠠᠶᠢᠲᠤᠷ ᠬᠢᠵᠦ᠂ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠬᠦ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠡᠷᠡᠰ ᠭᠤᠶᠢᠪᠢᠰᠢ ᠥᠬᠡᠶ ᠪᠠᠷ ᠨᠠᠮ ᠤᠨ ᠵᠢᠯᠣᠭᠤᠳᠣᠯᠭ᠎ᠠ ᠶᠢ ᠳᠠᠭᠠᠵᠤ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠬᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠳᠠᠷᠤᠭ᠎ᠠ ᠪᠠᠶᠢᠯᠳᠤᠭᠴᠢᠳ ᠤᠨ ᠲᠠᠷᠢᠬᠢ ᠲᠣᠯᠣᠭᠠᠶ ᠶᠢ ᠵᠡᠪᠰᠡᠭᠯᠡᠬᠦ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠲᠦᠷᠢᠮ ᠢ ᠡᠷᠡᠰ ᠲᠤᠭᠤᠰᠢᠯᠠᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠵᠤ ᠴᠡᠷᠢᠭ ᠢ ᠴᠢᠩᠭ᠎ᠠ ᠵᠠᠰᠠᠬᠤ ᠶᠢ ᠠᠬᠢᠭᠤᠯᠵᠤ᠂ ᠴᠡᠷᠢᠭ ᠠᠩᠭᠢ ᠶᠢᠨ ᠪᠠᠶᠢᠭᠤᠯᠤᠯᠲᠠ ᠶᠢᠨ ᠵᠥᠪ ᠤᠯᠤᠰ ᠲᠥᠷᠥ ᠶᠢᠨ ᠴᠢᠭᠯᠡᠯ ᠢ ᠢᠮᠠᠭᠲᠠ ᠪᠠᠲᠤ ᠡᠵᠡᠮᠳᠡᠬᠦ ᠬᠡᠷᠡᠭᠲᠡᠶ᠃ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ᠂ ᠣᠳᠣᠬᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠢ ᠭᠦᠢᠴᠡᠳ ᠲᠠᠨᠢᠵᠤ᠂ ᠭᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠢᠮᠠᠭᠲᠠ ᠠᠬᠤᠭᠤᠯᠵᠤ᠂ ︽ᠤᠯᠤᠰ ᠤᠨ ᠶᠡᠭᠡ ᠲᠠᠯ᠎ᠠ︾ ᠶᠢ ᠰᠡᠳᠬᠢᠯ ᠳᠡᠭᠡᠨ ᠪᠤᠳᠤᠵᠤ᠂ ᠰᠠᠨᠠᠭᠠᠰᠢᠷᠠᠬᠤ ᠤᠬᠠᠮᠰᠠᠷ᠂ ᠲᠦᠭᠰᠢᠭᠦᠷᠢ ᠶᠢᠨ ᠤᠬᠠᠮᠰᠠᠷ᠂ ᠲᠠᠶᠢᠨ ᠬᠢᠬᠦ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠲᠡᠮᠡᠴᠡᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠡᠯᠡᠳᠬᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠤᠭᠴᠠᠯᠠᠵᠤ᠂ ᠢᠯᠠᠯᠲᠠ ᠤᠯᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠤᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃

4.jpg

 

      ᠱᠢ ᠲᠠᠢ ᠹᠧᠩ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠶ᠃ ᠤᠳᠤᠷᠢᠳᠬᠤ ᠪᠠᠶᠢᠭᠤᠯᠤᠮᠵᠢ ᠪᠣᠯᠤᠨ ᠠᠵᠢᠯ ᠤᠨ ᠲᠣᠭᠲᠠᠴᠠ ᠶᠢ ᠪᠦᠷᠢᠨᠰᠢᠬᠦᠯᠵᠥ᠂ ᠡᠯ᠎ᠡ ᠱᠠᠲᠤᠨ ᠤ ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠵᠤ᠂ ᠨᠠᠮ ᠤᠨ ᠬᠤᠷᠢᠶᠠᠨ ᠤ ᠱᠦᠵᠢ ᠶᠡᠷᠦᠩᠬᠡᠢ ᠳᠤᠨᠢ ᠬᠠᠷᠢᠭᠤᠴᠠᠬᠰᠠᠨ᠂ ᠨᠠᠮ ᠵᠠᠰᠠᠭ ᠴᠡᠷᠢᠭ ᠤᠨ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠠᠳᠬᠤᠬᠤ ᠠᠵᠢᠯ ᠤᠨ ᠪᠠᠶᠢᠷᠢᠰᠢᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠷᠢᠭᠤᠴᠠᠯᠭ᠎ᠠ ᠲᠠᠢ ᠬᠠᠶᠢᠷ᠎ᠠ ᠰᠡᠳᠬᠢᠯᠭᠡ ᠲᠠᠢ ᠪᠠᠷ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠡᠷᠢᠭ ᠠᠩᠬᠢ ᠶᠢᠨ ᠲᠤᠰᠬᠠᠯ ᠲᠥᠪᠯᠡᠷᠡᠭᠰᠡᠨ᠂ ᠳᠠᠷᠤᠭ᠎ᠠ ᠪᠠᠶᠢᠯᠳᠤᠭᠴᠢᠳ ᠤᠨ ᠴᠢᠩᠭ᠎ᠠ ᠬᠦᠰᠡᠨ ᠪᠠᠷᠠᠯᠠᠵᠤ ᠪᠠᠶᠢᠭ᠎ᠠ ︽ᠬᠤᠶᠢᠰᠢᠳᠠ ᠶᠢᠨ ᠵᠠᠮ︾ ︽ᠠᠷᠤ ᠬᠡᠷ︾ ︽ᠬᠤᠶᠢᠴᠢ ᠦᠶ᠎ᠡ︾ ᠶᠢᠨ ᠠᠰᠠᠭᠤᠳᠠᠯ ᠢ ᠬᠠᠯᠠᠮᠵᠢᠯᠠᠨ ᠰᠠᠶᠢᠲᠤᠷ ᠰᠢᠢᠳᠪᠦᠷᠢᠯᠡᠵᠦ᠂ ᠰᠠᠨᠠᠭᠠᠰᠢᠷᠠᠯ ᠪᠠ ᠬᠦᠴᠢᠷᠳᠡᠯ ᠢ ᠨᠢ ᠢᠳᠡᠪᠬᠢᠲᠡᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠴᠡᠷᠢᠭ ᠤᠨ ᠲᠣᠭᠤᠷᠢᠭ ᠤᠨ ᠡᠯ᠎ᠡ ᠱᠠᠲᠤᠨ ᠤ ᠬᠢᠨ ᠴᠡᠷᠢᠭ ᠤᠨ ᠶᠠᠪᠤᠳᠠᠯ ᠤᠨ ᠡᠭᠦᠷᠭᠡ ᠪᠠᠨ ᠪᠡᠶᠡᠯᠡᠭᠦᠯᠬᠦ ᠶᠢᠨ ᠬᠠᠮᠲᠤ᠂ ᠣᠷᠣᠨ ᠨᠤᠲᠤᠭ ᠤᠨ ᠬᠡᠷᠡᠭᠴᠡᠭᠡ᠂ ᠣᠯᠠᠨ ᠲᠦᠮᠡᠨ ᠤ ᠬᠦᠰᠡᠯ ᠪᠠᠷᠠᠯᠠᠯ᠂ ᠴᠡᠷᠢᠭ ᠠᠩᠭᠢ ᠶᠢᠨ ᠴᠢᠳᠠᠪᠤᠷᠢ ᠳᠤ ᠰᠠᠭᠤᠷᠢᠯᠠᠨ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠢᠳᠡᠪᠬᠢᠲᠡᠶ ᠣᠷᠣᠯᠴᠠᠵᠤ᠂ ᠠᠶᠤᠯ ᠭᠠᠮᠰᠢᠭ ᠠᠴᠠ ᠠᠪᠤᠷᠬᠠᠤ᠂ ᠪᠠᠴᠢᠮ ᠪᠠᠶᠢᠳᠠᠯ ᠢ ᠠᠷᠭᠠᠴᠠᠭᠠᠵᠤ ᠲᠣᠭᠲᠠᠭᠤᠨ ᠢ ᠬᠠᠮᠠᠭᠠᠯᠠᠬᠤ ᠵᠡᠷᠭᠡ ᠪᠠᠴᠢᠮ ᠬᠦᠴᠢᠷᠲᠡᠢ ᠠᠶᠤᠯ ᠲᠦᠭᠰᠢᠭᠦᠷᠢᠲᠡᠢ ᠬᠦᠨᠳᠦ ᠡᠭᠦᠷᠭᠡ ᠶᠢ ᠪᠦᠲᠦᠮᠵᠢᠲᠡᠶ ᠪᠡᠶᠡᠯᠡᠭᠦᠯᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢ ᠲᠤᠰᠠᠯᠠᠨ ᠲᠡᠮᠵᠢᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ