ᠪᠥᠬᠦ ᠣᠷᠣᠨ ᠤ ᠠᠭᠤᠷᠬᠠᠶ ᠶᠢᠨ ᠭᠠᠷᠤᠯᠳᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/15


      10 ᠰᠠᠷ᠎ᠠ ᠶᠢᠨ 13 ᠤ ᠡᠳᠦᠷ᠂ ᠪᠥᠬᠦ ᠣᠷᠣᠨ ᠤ ᠠᠭᠤᠷᠬᠠᠶ ᠶᠢᠨ ᠭᠠᠷᠤᠯᠳᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳ᠋ᠦᠩᠨᠡᠯᠲᠡ ᠶᠢᠨ ᠬᠤᠷᠠᠯ ᠸᠢᠳᠢᠣ᠋ ᠬᠡᠯᠪᠡᠷᠢ ᠪᠠᠷ ᠬᠤᠷᠠᠯᠳᠤᠪᠠ᠃ ᠬᠤᠷᠠᠯ ᠠᠴᠠ ᠲᠤᠰᠬᠠᠶ ᠴᠡᠭᠴᠡᠯᠡᠨ ᠵᠠᠰᠠᠬᠤ ᠠᠵᠢᠯ ᠤᠨ ᠣᠯᠤᠭᠰᠠᠨ ᠠᠮᠵᠢᠯᠲᠠ ᠪᠦᠲᠦᠮᠵᠢ ᠪᠣᠯᠤᠨ ᠪᠦᠲᠦᠮᠵᠢᠲᠡᠶ ᠠᠷᠭ᠎ᠠ ᠬᠢᠳᠡᠯ ᠢ ᠪᠥᠬᠦ ᠲᠠᠯ᠎ᠠ ᠪᠠᠷ ᠳ᠋ᠦᠩᠨᠡᠵᠦ᠂ ᠪᠠᠶᠢᠩᠭᠤᠵᠢᠭᠰᠠᠨ ᠵᠠᠰᠠᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠳᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠴᠢ ᠹᠠᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
      ᠯᠢᠦ ᠴᠢ ᠹᠠᠨ᠂ ᠬᠤᠶᠠᠷ ᠵᠢᠯ ᠰᠢᠬᠠᠮ ᠦᠷᠭᠦᠯᠵᠢᠯᠡᠨ ᠠᠬᠢᠭᠤᠯᠬᠤ ᠪᠠᠷ ᠳᠠᠮᠵᠢᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ︽ᠪᠣᠬᠢᠷᠲᠤᠯ ᠤᠨ ᠡᠬᠢ︾ ᠶᠢ ᠡᠷᠡᠰ ᠠᠷᠢᠯᠭᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠵᠤ ᠦᠢᠯᠡᠰ ᠤᠨ ᠡᠮᠬᠢ ᠳᠢᠭᠯᠢᠮ ᠢ ᠪᠦᠲᠦᠮᠵᠢᠲᠡᠢ ᠵᠢᠷᠤᠮᠵᠢᠭᠤᠯᠵᠤ᠂ ᠪᠦᠬᠦ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠠᠵᠢᠯ ᠢ ᠡᠷᠡᠭᠦᠯ ᠢᠶᠠᠷ ᠬᠥᠭᠵᠢᠬᠦ ᠵᠠᠮ ᠳᠤ ᠣᠷᠣᠭᠤᠯᠬᠤ ᠶᠢ ᠠᠬᠢᠭᠤᠯᠵᠠᠢ ᠭᠡᠵᠦ ᠵᠢᠭᠠᠵᠦ ᠭᠠᠷᠭᠠᠪᠠ᠃
      ᠯᠢᠦ ᠴᠢ ᠹᠠᠨ᠂ ᠬᠤᠶᠢᠰᠢᠳᠠ ᠶᠢᠨ ᠪᠠᠶᠢᠩᠭᠤᠵᠢᠬᠰᠠᠨ ᠵᠠᠰᠠᠯᠲᠠ ᠳᠤᠮᠳᠠ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠬᠦᠴᠦᠯᠡᠵᠦ᠂ ᠡᠯ᠎ᠡ ᠲᠦᠷᠦᠯ ᠤᠨ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠦᠬᠦᠨ ᠢ ᠰᠢᠢᠳᠪᠦᠷᠢᠯᠡᠬᠦ ᠬᠡᠷᠡᠭᠲᠡᠢ᠃ ᠥᠨᠳᠥᠷ ᠳᠠᠷᠤᠯᠲᠠᠲᠤ ᠪᠠᠶᠢᠳᠠᠯ ᠢᠶᠠᠨ ᠪᠠᠲᠤᠯᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠬᠠᠤᠯᠢ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠪᠥᠬᠦ ᠲᠠᠯ᠎ᠠ ᠪᠠᠷ ᠬᠠᠮᠠᠭᠠᠯᠠᠬᠤ ᠬᠡᠷᠡᠭᠲᠡᠶ᠃ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠶᠡᠭᠡ ᠪᠠᠷ ᠠᠬᠢᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠥᠪᠥᠷ ᠮᠣᠩᠭᠤᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃
      ᠵᠠᠩ ᠱᠤᠤ ᠴᠦᠨ᠂ ᠣᠳᠣᠬᠠᠨ ᠳᠤ᠂ ᠲᠤᠰᠬᠠᠶ ᠴᠡᠭᠴᠡᠯᠡᠨ ᠵᠠᠰᠠᠬᠤ ᠠᠵᠢᠯ ᠬᠡᠳᠦ᠋ᠢᠪᠡᠷ ᠢᠯᠡᠳᠲᠡ ᠦᠷ᠎ᠡ ᠪᠦᠲᠦᠮᠵᠢ ᠣᠯᠤᠭᠰᠠᠨ ᠪᠣᠯᠪᠠᠴᠤ ᠪᠠᠰᠠ ᠵᠠᠷᠢᠮ ᠠᠰᠠᠭᠤᠳᠠᠯ ᠢ ᠲᠦᠢᠯᠪᠤᠷᠢᠲᠠᠶ ᠴᠡᠭᠴᠡᠯᠡᠨ ᠵᠠᠰᠠᠵᠤ ᠳᠠᠭᠤᠰᠤᠭ᠎ᠠ ᠥᠬᠡᠶ ᠪᠠᠶᠢᠭᠰᠠᠭᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠪᠠᠶᠢᠩᠭᠤᠵᠢᠭᠰᠠᠨ ᠵᠠᠰᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠯᠡᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠨᠠᠷᠢᠨ ᠬᠢᠨᠠᠮᠠᠭᠠᠢ ᠪᠣᠯᠭᠤᠮᠵᠢᠲᠠᠶ ᠠᠬᠢᠭᠤᠯᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ᠂ ᠲᠤᠭᠤᠰᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠠᠰᠠᠭᠤᠳᠠᠯ ᠳᠠᠬᠢᠨ ᠡᠭᠦᠰᠬᠦ᠂ ᠪᠠᠶᠢᠨ ᠳᠠᠬᠢᠨ ᠡᠭᠦᠰᠬᠦ ᠶᠢ ᠰᠡᠷᠭᠡᠶᠢᠯᠡᠵᠦ᠂ ᠴᠡᠭᠴᠡᠯᠡᠬᠦ ᠪᠠᠷ ᠵᠠᠰᠠᠯᠳᠠ ᠶᠢ ᠠᠬᠢᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠬᠦ ᠬᠡᠷᠡᠭᠲᠡᠶ ᠭᠡᠵᠦ ᠱᠠᠭᠠᠷᠳᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ