︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ︵ᠵᠠᠰᠠᠪᠤᠷᠢ ᠣᠷᠣᠭᠤᠯᠤᠭᠰᠠᠨ ᠬᠡᠪᠯᠡᠯ︶︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/15


       ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ︵ᠵᠠᠰᠠᠪᠤᠷᠢ ᠣᠷᠣᠭᠤᠯᠤᠭᠰᠠᠨ ᠬᠡᠪᠯᠡᠯ︶︾ ︵ᠳᠣᠷᠣᠭᠰᠢ

︽ᠰᠢᠯᠭᠠᠨ ᠬᠢᠨᠠᠬᠤ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠯ᠎ᠠ᠃ ᠦᠨᠦ ᠬᠤᠯᠪᠣᠭᠳᠠᠯ ᠪᠦᠬᠦᠢ ᠠᠭᠤᠯᠭ᠎ᠠ ᠶᠢ ᠲᠤᠬᠠᠢ ᠳᠣᠣᠷᠠᠬᠢ ᠮᠡᠲᠦ ᠲᠠᠶᠢᠯᠪᠤᠷᠢᠯᠠᠶ᠎ᠠ᠄
       ᠨᠢᠭᠡ᠂ ︽ᠰᠢᠯᠭᠠᠨ ᠬᠢᠨᠠᠬᠤ ᠠᠷᠭ᠎ᠠ︾ ᠶᠢ ᠲᠣᠭᠲᠠᠭᠠᠭᠰᠠᠨ ᠦᠨᠳᠦᠰᠦᠯᠡᠯ
       ︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ︽︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ  ﹇2017﹈ 1 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠴᠠᠭ ᠤᠨ ᠪᠠᠶᠢᠳᠠᠯ ᠳᠠᠬᠢ ᠮᠠᠨ ᠤ ᠣᠷᠣᠨ ᠤ ᠪᠣᠲᠠᠲᠠᠢ ᠲᠠᠢ ᠤᠶᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 162 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠪᠠ᠃
       ᠬᠤᠶᠠᠷ᠂ ᠰᠢᠯᠭᠠᠨ ᠬᠢᠨᠠᠭᠤᠯᠬᠤ ᠡᠲᠡᠭᠡᠳ
       ᠪᠤᠭᠤᠲᠤ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱᠠ ᠠᠶᠢᠮᠠᠭ᠃
       ᠭᠤᠷᠪᠠ᠂ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ ᠵᠢᠴᠢ ᠴᠠᠭ
       ( ᠨᠢᠭᠡ︶ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ︽ᠨᠣᠭᠤᠭ᠎ᠠ ᠢᠳᠡᠭᠡ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠳ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠲᠠᠢ ᠬᠠᠮᠲᠤᠷᠠᠨ᠎ᠠ᠃
       ( ᠬᠤᠶᠠᠷ︶ ᠰᠢᠯᠭᠠᠨ ᠬᠢᠨᠠᠬᠤ ᠴᠠᠭ
       ︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠤᠨ ᠰᠢᠯᠭᠠᠨ ᠬᠢᠨᠠᠬᠤ ᠠᠵᠢᠯ ᠢ ᠬᠤᠶᠠᠷ ᠵᠢᠯ ᠳᠤ ᠨᠢᠭᠡ ᠤᠳᠠᠭ᠎ᠠ

ᠥᠷᠨᠢᠭᠦᠯᠦᠨ᠎ᠡ᠃
       ᠳᠥᠷᠪᠡ᠂ ᠰᠢᠯᠭᠠᠨ ᠬᠢᠨᠠᠬᠤ ᠠᠭᠤᠯᠭ᠎ᠠ
       ︽ᠨᠣᠭᠤᠭ᠎ᠠ ᠢᠳᠡᠭᠡᠨ︾ ᠤ ᠪᠦᠲᠦᠭᠡᠭᠳᠡᠬᠦᠨ ᠢ ᠦᠢᠯᠡᠳᠪᠦᠷᠢᠯᠡᠬᠦ ᠴᠢᠳᠠᠪᠤᠷᠢ᠂ ︽ᠨᠣᠭᠤᠭ᠎ᠠ ᠢᠳᠡᠭᠡᠨ︾ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠭᠦᠢᠯᠭᠡᠭᠡᠨ ᠤ ᠴᠢᠳᠠᠪᠤᠷᠢ᠂ ︽ᠨᠣᠭᠤᠭ᠎ᠠ ᠢᠳᠡᠭᠡᠨ︾ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠴᠢᠳᠠᠪᠤᠷᠢ᠂ ︽ᠨᠣᠭᠤᠭ᠎ᠠ ᠢᠳᠡᠭᠡᠨ︾ ᠤ ᠪᠦᠲᠦᠭᠡᠭᠳᠡᠬᠦᠨ ᠢ ᠲᠤᠬᠢᠷᠠᠭᠤᠯᠤᠨ ᠡᠵᠡᠮᠳᠡᠬᠦ ᠪᠠᠲᠤᠯᠠᠭ᠎ᠠ ᠶᠢᠨ ᠴᠢᠳᠠᠪᠤᠷᠢ᠂ ᠬᠤᠲᠠ ᠶᠢᠨ ᠠᠷᠠᠳ ᠤᠨ ︽ᠨᠣᠭᠤᠭ᠎ᠠ ᠢᠳᠡᠭᠡᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠠᠬᠢ ᠬᠠᠨᠤᠮᠵᠢ ᠶᠢᠨ ᠬᠡᠮᠵᠢᠶ᠎ᠡ᠃
       ᠲᠠᠪᠤ᠂ ᠰᠢᠯᠭᠠᠨ ᠬᠢᠨᠠᠭᠰᠠᠨ ᠦᠷ᠎ᠡ ᠳ᠋ᠦᠩ ᠤᠨ ᠦᠨᠡᠯᠡᠯᠲᠡ
       ᠰᠢᠯᠭᠠᠨ ᠬᠢᠨᠠᠬᠤ ᠳᠤ ᠬᠤᠪᠢ ᠲᠣᠭᠲᠠᠭᠠᠬᠤ ᠳᠦᠷᠢᠮ ᠢ ᠬᠡᠷᠡᠭᠯᠡᠵᠦ᠂ ᠪᠦᠷᠢᠨ ᠬᠤᠪᠢ ᠨᠢ 100 ᠬᠤᠪᠢ ᠪᠠᠶᠢᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ ᠭᠡᠵᠦ ᠳᠥᠷᠪᠡᠨ ᠳᠡᠰ ᠬᠤᠪᠢᠶᠠᠨ᠎ᠠ᠃
       ᠵᠢᠷᠭᠤᠭ᠎ᠠ᠂ ᠰᠢᠯᠭᠠᠨ ᠬᠢᠨᠠᠬᠤ ᠠᠯᠬᠤᠮ ᠳᠠᠷᠠᠭ᠎ᠠ
       ᠥᠪᠡᠷ ᠢ ᠪᠠᠨ ᠦᠨᠡᠯᠡᠬᠦ᠂ ᠰᠠᠯᠠᠭ᠎ᠠ ᠮᠥᠴᠢᠷ ᠬᠢᠨᠠᠨ ᠲᠣᠭᠲᠠᠭᠠᠬᠤ᠂ ᠵᠣᠬᠢᠶᠠᠨ ᠪᠠᠶᠢᠭᠤᠯᠤᠯᠲᠠ ᠰᠤᠭᠤᠴᠢᠨ ᠪᠠᠶᠢᠴᠠᠭᠠᠬᠤ᠂ ᠶᠡᠷᠦᠩᠬᠡᠶᠢᠯᠡᠨ ᠦᠨᠡᠯᠡᠨ ᠲᠣᠭᠲᠠᠭᠠᠬᠤ᠂ ᠦᠷ᠎ᠡ ᠳ᠋ᠦᠩ ᠢ ᠬᠠᠷᠢᠭᠤ ᠲᠤᠰᠬᠠᠬᠤ ᠠᠷᠭ᠎ᠠ ᠪᠠᠷ ᠶᠠᠪᠤᠭᠳᠠᠨ᠎ᠠ᠃
       ᠳᠣᠯᠤᠭ᠎ᠠ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ
      ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠢᠯᠭᠠᠨ ᠬᠢᠨᠠᠭᠰᠠᠨ ᠦᠷ᠎ᠡ ᠳ᠋ᠦᠩ ᠢ ︽ᠨᠣᠭᠤᠭ᠎ᠠ ᠢᠳᠡᠭᠡᠨ︾ ᠤ ᠲᠥᠷᠥᠯ ᠵᠦᠶᠯ ᠳᠤ ᠪᠠᠯᠠ ᠮᠥᠩᠭᠦ ᠳᠣᠭᠢᠷᠠᠭᠤᠯᠬᠤ ᠪᠠ ᠲᠤᠰᠬᠠᠶ ᠵᠦᠶᠯ ᠢᠶᠠᠷ ᠲᠡᠳᠬᠦᠬᠦ ᠶᠢᠨ ᠨᠢᠭᠡ ᠦᠨᠳᠦᠰᠦᠯᠡᠯ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠲᠤᠷᠠᠭᠰᠠᠨ ᠬᠤᠷᠠᠯ ᠤᠨ ᠪᠤᠰᠤᠳ ᠪᠦᠷᠢᠯᠳᠦᠬᠦᠨ ᠨᠢᠭᠡᠴᠡ ᠨᠤᠭᠤᠳ ᠲᠠᠢ ᠬᠠᠮᠲᠤᠷᠠᠨ ᠲᠣᠰ ᠠᠷᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠪᠣᠳᠠᠲᠠᠶ ᠲᠠᠢ ᠤᠶᠠᠯᠳᠤᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 11 ᠶᠠᠮᠤᠨ ᠵᠥᠪᠯᠡᠯ ᠤᠨ ᠲᠣᠭᠲᠠᠭᠠᠭᠰᠠᠨ ︽︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ᠶᠢᠨ ᠬᠡᠷᠡᠭᠵᠢᠭᠦᠯᠬᠦ ᠨᠠᠷᠢᠨ ᠲᠦᠷᠢᠮ﹀ ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ︵ᠲᠠᠷᠢᠶᠠᠯᠠᠩ ᠬᠤᠲᠠ ᠲᠠᠷᠬᠠᠭᠠᠭᠰᠠᠨ ﹇2021﹈ 1 ᠳ᠋ᠦ᠋ᠭᠡᠷ ᠲᠣᠭᠠᠲᠤ︶ ᠢᠶᠠᠷ ᠯᠠᠪᠯᠠᠯᠲᠠ ᠪᠣᠯᠭᠠᠵᠤ᠂ ᠡᠯ᠎ᠡ ᠵᠦᠶᠯ ᠤᠨ ᠰᠢᠯᠭᠠᠨ ᠬᠢᠨᠠᠬᠤ ᠭᠦᠶᠴᠡᠳᠬᠡᠯ ᠲᠤᠭ᠎ᠠ ᠶᠢ ᠪᠤᠳᠤᠬᠤ ᠠᠷᠭ᠎ᠠ ᠪᠠ ᠬᠤᠪᠢ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠶᠢᠯᠠᠨ᠂ ᠰᠢᠯᠭᠠᠨ ᠬᠢᠨᠠᠬᠤ ᠴᠤᠪᠤᠷᠠᠯ ᠪᠠ ᠱᠠᠭᠠᠷᠳᠠᠯᠭ᠎ᠠ ᠶᠢ ᠨᠠᠷᠢᠯᠢᠬᠵᠢᠭᠤᠯᠵᠤ᠂ ᠰᠢᠯᠭᠠᠨ ᠬᠢᠨᠠᠬᠤ ᠠᠵᠢᠯ ᠤᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠨ᠎ᠠ᠃ ᠬᠢᠨᠠᠨ ᠰᠢᠯᠭᠠᠵᠤ ᠦᠨᠡᠯᠡᠬᠦ ᠳᠤᠮᠳᠠ ᠬᠤᠳᠠᠯ ᠬᠡᠯᠡᠵᠦ ᠬᠠᠭᠤᠷᠮᠠᠭ ᠵᠣᠬᠢᠶᠠᠬᠤ᠂ ᠲᠣᠭᠲᠠᠭᠠᠯ ᠠᠴᠠ ᠵᠥᠷᠢᠴᠡᠨ ᠠᠵᠢᠯᠯᠠᠬᠤ ᠵᠡᠷᠭᠡ ᠬᠢᠨᠠᠨ ᠰᠢᠯᠭᠠᠵᠤ ᠦᠨᠡᠯᠡᠬᠦ ᠠᠵᠢᠯ ᠢ ᠨᠥᠯᠦᠭᠡᠯᠡᠭᠰᠡᠨ ᠦᠢᠯᠡ ᠠᠵᠢᠯᠯᠠᠭ᠎ᠠ ᠶᠢ ᠵᠠᠷᠯᠠᠨ ᠰᠢᠭᠦᠮᠵᠢᠯᠡᠨ᠎ᠡ᠃
       ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ 30 ᠡᠳᠦᠷ ᠤᠨ ᠳᠠᠷᠠᠭ᠎ᠠ ᠡᠬᠢᠯᠡᠨ ᠬᠡᠷᠡᠭᠵᠢᠭᠦᠯᠬᠦ ᠶᠢᠨ ᠬᠠᠮᠲᠤ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈162 ᠳ᠋ᠤᠭᠠᠷ ᠲᠣᠭᠠᠲᠤ︶ ᠶᠢ ᠬᠦᠴᠦᠨ ᠥᠬᠡᠶ ᠪᠣᠯᠭᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ